ᠮᠠᠨ ᠤ ᠣᠷᠣᠨ 165 ᠲᠦᠮᠡᠨ ᠬᠦᠴᠢᠷᠳᠡᠯᠲᠡᠢ ᠣᠯᠠᠨ ᠲᠦᠮᠡᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠪᠠ
ᠨᠡᠶᠢᠲᠡᠯᠡᠭᠰᠡᠨ ᠴᠠᠭ᠄
2022/8/19
      ᠠᠵᠤ ᠠᠬᠤᠢ ᠶᠢ ᠯᠠᠪᠳᠠᠭᠤᠨ ᠲᠣᠭᠲᠠᠭᠤᠨ ᠪᠠᠶᠢᠯᠭᠠᠵᠤ᠂ ᠠᠷᠠᠳ ᠤᠨ ᠠᠮᠢᠳᠤᠷᠠᠯ ᠤᠨ ᠰᠠᠭᠤᠷᠢ ᠪᠠᠲᠤᠯᠠᠭ᠎ᠠ ᠶᠢ ᠰᠠᠶᠢᠲᠤᠷ ᠬᠢᠬᠦ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ︽ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ 165 ᠲᠦᠮᠡ ᠭᠠᠷᠤᠢ ᠬᠦᠴᠢᠷᠳᠡᠯᠲᠡᠢ ᠣᠯᠠᠨ ᠲᠦᠮᠡᠨ ᠳᠤ ᠬᠥᠮᠥᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ 1.7 ᠳ᠋ᠦᠩᠰᠢᠭᠤᠷ ᠲᠥᠭᠦᠷᠢᠭ ᠭᠠᠷᠭᠠᠵᠤ᠂ ᠬᠡᠷᠡᠭᠰᠡᠬᠦ ᠪᠡᠯᠡ ᠮᠥᠩᠭᠦ ᠳᠤ ᠪᠥᠬᠦ ᠲᠤᠭ᠎ᠠ ᠶᠢᠨ ᠨᠥᠬᠦᠪᠦᠷᠢ ᠣᠯᠭᠤᠵᠠᠢ᠃     ᠡᠨᠡ ᠬᠦ 165 ᠲᠦᠮᠡ ᠭᠠᠷᠤᠢ ᠬᠦᠴᠢᠷᠳᠡᠯ ᠲᠠᠢ ᠣᠯᠠᠨ ᠲᠦᠮᠡᠨ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯ ᠲᠠᠢ ᠬᠥᠮᠥᠰ᠂ ᠥᠨᠥᠴᠢᠨ ᠬᠡᠦᠬᠡᠳ ᠵᠢᠴᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠭᠲᠠᠭᠠᠨ᠎ᠠ᠃     ︽ᠮᠡᠳᠡᠭᠳᠡᠯ︾᠎ ᠳᠤ᠂ ᠪᠥᠬᠦ ᠣᠷᠣᠨ ᠤ ᠡᠯ᠎ᠡ ᠭᠠᠵᠠᠷ ᠤᠳ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠶᠢ ᠪᠦᠬᠦᠨ ᠢ ᠣᠯᠭᠤᠬᠤ ᠬᠡᠷᠡᠭᠲᠡᠢ᠃ ᠡᠭᠦᠨ ᠤ ᠬᠠᠮᠲᠤ᠂ ᠲᠦᠷ ᠴᠠᠭ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠣᠯᠵᠤ ᠮᠡᠳᠡᠬᠦ ᠲᠣᠭᠲᠠᠴᠠ ᠶᠢ ᠪᠦᠷᠢᠨᠰᠢᠭᠦᠯᠦᠨ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠦᠭᠡᠢ ᠠᠵᠢᠯ ᠠᠯᠳᠠᠭᠰᠠᠳ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠭᠠᠵᠠᠷ ᠣᠷᠣᠨ ᠤ ᠠᠮᠢᠳᠤᠷᠠᠯ ᠨᠢ ᠲᠦᠷ ᠴᠠᠭ ᠬᠦᠴᠢᠷᠳᠡᠯ ᠲᠠᠢ ᠣᠯᠠᠨ ᠲᠦᠮᠡᠨ ᠳᠤ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠴᠠᠭ ᠲᠤᠬᠠᠢ ᠳᠤ ᠨᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠣᠯᠭᠤᠵᠤ ᠂ ᠲᠡᠳᠡᠨ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ ᠲᠤᠭᠤᠯᠤᠭᠤᠯᠬᠤ ᠬᠡᠷᠡᠭᠲᠡᠢ ᠭᠡᠵᠦ ᠱᠠᠭᠠᠷᠳᠠᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠦᠨᠳᠦᠰᠦᠯᠡᠨ᠂ ᠡᠨᠡ ᠵᠢᠯ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 2022 ᠣᠨ ᠳᠤ ᠪᠥᠬᠦ ᠣᠷᠣᠨ ᠤ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠰᠠᠷ᠎ᠠ ᠳᠤ 813 ᠲᠥᠭᠦᠷᠢᠭ ᠪᠣᠯᠭᠠᠵᠤ᠂ 2021 ᠣᠨ ᠤ ᠬᠢ ᠠᠴᠠ 5.3%᠎ ᠪᠠᠷ ᠨᠡᠮᠡᠭᠳᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠵᠢᠯ ᠳᠤ 7320 ᠲᠥᠭᠦᠷᠢᠭ ᠲᠤ ᠬᠦᠷᠦᠭᠦᠯᠵᠦ᠂ 2021 ᠣᠨ ᠤ ᠬᠢ ᠠᠴᠠ 8.8%᠎ ᠪᠠᠷ ᠨᠡᠮᠡᠭᠳᠡᠭᠦᠯᠪᠡ᠃ ᠬᠤᠲᠠ ᠶᠢᠨ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠰᠠᠷ᠎ᠠ ᠳᠤ 1358 ᠲᠥᠭᠦᠷᠢᠭ ᠲᠤ ᠬᠦᠷᠦᠭᠦᠯᠵᠦ᠂ 2021 ᠣᠨ ᠤ ᠬᠢ ᠠᠴᠠ 3.8%᠎ ᠪᠠᠷ ᠨᠡᠮᠡᠭᠳᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠵᠢᠯ ᠳᠤ 11259 ᠲᠥᠭᠦᠷᠢᠭ ᠲᠤ ᠬᠦᠷᠦᠭᠦᠯᠵᠦ᠂ 2021 ᠣᠨ ᠤ ᠬᠢ ᠠᠴᠠ 6.9%᠎ ᠪᠠᠷ ᠨᠡᠮᠡᠭᠳᠡᠭᠦᠯᠪᠡ᠃     6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠰᠢᠨ᠎ᠡ ᠠᠪᠤᠷᠠᠨ ᠲᠤᠰᠠᠯᠠᠬᠤ ᠪᠠᠷᠢᠮᠵᠢᠶ᠎ᠠ ᠪᠠᠷ ᠪᠠᠷᠢᠮᠵᠢᠶ᠎ᠠ ᠶᠢ ᠳᠡᠭᠡᠭᠰᠢᠯᠡᠭᠦᠯᠬᠦ ᠪᠡᠯᠡ ᠮᠥᠩᠭᠦ ᠶᠢ ᠨᠥᠬᠦᠪᠦᠷᠢᠯᠡᠨ ᠲᠠᠷᠬᠠᠭᠠᠵᠤ᠂ ᠨᠡᠶᠢᠲᠡ 2.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠵᠠᠷᠤᠴᠠᠭᠤᠯᠵᠤ᠂ ᠬᠤᠲᠠ ᠬᠥᠳᠡᠭᠡ ᠶᠢᠨ 165 ᠲᠦᠮᠡ ᠭᠠᠷᠤᠢ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ᠃     
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1