ᠥᠪᠡᠷᠲᠡᠭᠡᠨ ᠵᠠᠰᠠᠬᠤ ᠣᠷᠣᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠪᠠ
ᠨᠡᠶᠢᠲᠡᠯᠡᠭᠰᠡᠨ ᠴᠠᠭ᠄
2022/8/19
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠬᠤᠲᠠ ᠶᠢᠨ ᠬᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠷᠣᠭᠴᠢ ᠡᠯᠰᠡᠬᠦ ᠠᠵᠢᠯ ᠢ ᠵᠢᠷᠤᠮᠵᠢᠭᠤᠯᠤᠨ᠂ ᠢᠯᠡ ᠲᠣᠳᠣ᠂ ᠡᠷᠬᠡ ᠲᠡᠭᠰᠢ ᠲᠥᠪ ᠭᠤᠥᠯᠴᠢ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠮᠡᠳᠡᠭᠳᠡᠯ ᠳᠤ᠂ ᠡᠯ᠎ᠡ ᠭᠠᠵᠠᠷ ᠤᠨ ᠬᠢᠨ ᠰᠣᠷᠣᠭᠴᠢ ᠡᠯᠰᠡᠬᠦ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠬᠠᠷᠢᠶᠠᠲᠤ ᠣᠷᠣᠨ ᠠᠴᠠ ᠰᠣᠷᠣᠭᠴᠢ ᠡᠯᠰᠡᠬᠦ︾ ︽ᠠᠯᠪᠠᠨ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠵᠡᠷᠭᠡ ᠪᠠᠷ ᠡᠯᠰᠡᠬᠦ︾᠎ ᠶᠢ ᠨᠠᠶᠢᠳᠠᠪᠤᠷᠢᠵᠢᠭᠤᠯᠤᠨ᠂ ᠰᠤᠷᠤᠯᠭ᠎ᠠ ᠶᠢᠨ ᠪᠠᠶᠢᠳᠠᠯ ᠤᠨ ᠡᠬᠢ ᠪᠠᠶᠠᠯᠢᠭ ᠢ ᠵᠣᠬᠢᠰᠲᠠᠢ ᠨᠢᠭᠡᠳᠦᠯᠲᠡᠢ ᠲᠥᠯᠥᠪᠯᠡᠵᠦ᠂ ᠬᠤᠪᠢᠶᠠᠨ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠳᠠᠭᠠᠵᠤ ᠨᠡᠭᠦᠭᠰᠡᠨ ᠦᠷ᠎ᠡ ᠬᠡᠦᠬᠡᠳ ᠵᠡᠷᠭᠡ ᠣᠨᠴᠠᠭᠠᠶ ᠬᠥᠮᠥᠰ ᠤᠨ ᠰᠤᠷᠭᠠᠭᠤᠯᠢ ᠳᠡᠪᠰᠢᠬᠦ ᠶᠢ ᠪᠠᠲᠤᠯᠠᠵᠤ᠂ ᠡᠯ᠎ᠡ ᠲᠥᠷᠥᠯ ᠤᠨ ᠲᠤᠷᠰᠢᠯᠲᠠ ᠶᠢᠨ ᠠᠩᠭᠢ᠂ ᠣᠯᠠᠨ ᠤᠯᠤᠰ ᠤᠨ ᠠᠩᠭᠢ᠂ ᠣᠨᠴᠠ ᠴᠢᠳᠠᠪᠤᠷᠢᠲᠠᠨ ᠤ ᠠᠩᠭᠢ ᠵᠡᠷᠭᠡ ᠰᠣᠷᠣᠭᠴᠢ ᠡᠯᠰᠡᠬᠦ ᠠᠵᠢᠯᠯᠠᠭ᠎ᠠ ᠶᠢ ᠵᠢᠷᠤᠮᠵᠢᠭᠤᠯᠤᠨ᠂ ︽ᠠᠷᠪᠠ ᠶᠢ ᠴᠠᠭᠠᠵᠠᠯᠠᠬᠤ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠠᠷᠢᠶ᠎ᠠ᠂ ᠰᠢᠯᠭᠠᠯᠲᠠ ᠶᠢᠨ ᠬᠠᠷᠢᠶ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯᠯᠠᠭ᠎ᠠ ᠶᠢ ᠰᠢᠮᠳᠠᠭᠤᠯᠤᠨ ᠪᠠᠶᠢᠴᠠᠭᠠᠵᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠰᠣᠷᠣᠭᠴᠢ ᠡᠯᠰᠡᠬᠦ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠳᠬᠠᠵᠤ᠂ ᠰᠣᠷᠣᠭᠴᠢ ᠡᠯᠰᠡᠬᠦ ᠠᠵᠢᠯ ᠤᠨ ᠵᠢᠷᠤᠮᠵᠢᠭᠤᠨ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠡᠭᠦᠨ ᠳᠤ᠂ ︽ᠠᠷᠪᠠ ᠶᠢ ᠴᠠᠭᠠᠵᠠᠯᠠᠬᠤ︾᠎ ᠶᠢᠨ ᠪᠣᠳᠠᠲᠠᠢ ᠱᠠᠭᠠᠷᠳᠠᠯᠭ᠎ᠠ ᠪᠣᠯ᠄ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠶᠠᠮᠠᠷᠪᠠ ᠬᠡᠯᠪᠡᠷᠢ ᠪᠠᠷ ᠤᠷᠢᠳᠴᠢᠯᠠᠨ ᠵᠣᠬᠢᠶᠠᠨ ᠪᠠᠶᠢᠭᠤᠯᠵᠤ ᠰᠣᠷᠣᠭᠴᠢ ᠡᠯᠰᠡᠬᠦ᠂ ᠰᠢᠯᠭᠠᠬᠤ ᠦᠭᠡᠢ ᠪᠠᠷ ᠰᠣᠷᠣᠭᠴᠢ ᠡᠯᠰᠡᠬᠦ᠂ ᠲᠥᠯᠥᠪᠯᠡᠭᠡ ᠠᠴᠠ ᠬᠡᠲᠦᠷᠡᠭᠦᠯᠦᠨ ᠰᠣᠷᠣᠭᠴᠢ ᠡᠯᠰᠡᠬᠦ᠂ ᠣᠷᠣᠨ ᠪᠦᠰᠡ ᠠᠯᠤᠰᠯᠠᠨ ᠲᠣᠭᠲᠠᠭᠠᠯ ᠠᠴᠠ ᠵᠥᠷᠢᠴᠡᠨ ᠰᠣᠷᠣᠭᠴᠢ ᠡᠯᠰᠡᠬᠦ ᠶᠢ ᠴᠢᠩᠭ᠎ᠠ ᠴᠠᠭᠠᠵᠠᠯᠠᠨ᠎ᠠ︔ ᠬᠠᠷᠢᠶ᠎ᠠ ᠭᠠᠵᠠᠷ ᠲᠤ ᠪᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠢᠯᠭᠠᠯᠲᠠ ᠳᠤ ᠣᠷᠣᠯᠴᠠᠭᠰᠠᠨ ᠦᠭᠡᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢ ᠡᠯᠰᠡᠬᠦ ᠶᠢ ᠴᠢᠩᠭ᠎ᠠ ᠴᠠᠭᠠᠵᠠᠯᠠᠨ᠎ᠠ︔ ᠰᠤᠷᠭᠠᠭᠤᠯᠢ ᠨᠤᠭᠤᠳ ᠬᠤᠭᠤᠷᠣᠨᠳᠤ ᠪᠠᠨ ᠬᠤᠯᠢᠯᠳᠤᠭᠤᠯᠤᠨ ᠰᠣᠷᠣᠭᠴᠢ ᠡᠯᠰᠡᠬᠦ᠂ ᠰᠣᠷᠣᠭᠴᠢ ᠡᠯᠰᠡᠭᠰᠡᠨ ᠤ ᠳᠠᠷᠠᠭ᠎ᠠ ᠲᠣᠭᠲᠠᠭᠠᠯ ᠠᠴᠠ ᠵᠥᠷᠢᠴᠡᠨ ᠰᠤᠷᠭᠠᠭᠤᠯᠢ ᠰᠢᠯᠵᠢᠬᠦ ᠭᠠᠷᠳᠠᠮ ᠭᠦᠢᠴᠡᠳᠬᠡᠬᠦ ᠶᠢ ᠴᠢᠩᠭ᠎ᠠ ᠴᠠᠭᠠᠵᠠᠯᠠᠨ᠎ᠠ︔ ᠠᠯᠪᠠᠨ ᠠᠴᠠ ᠡᠷᠭᠢᠯᠡᠭᠰᠡᠨ ᠰᠤᠷᠭᠠᠭᠤᠯᠢ ᠬᠢᠭᠡᠳ ᠠᠷᠠᠳ ᠠᠴᠠ ᠡᠷᠭᠢᠯᠡᠭᠰᠡᠨ ᠰᠤᠷᠭᠠᠭᠤᠯᠢ ︵ᠪᠣᠯᠪᠠᠰᠤᠷᠠᠯ ᠤᠨ ᠪᠠᠶᠢᠭᠤᠯᠤᠮᠵᠢ︶᠎ ᠶᠢᠨ ᠬᠤᠯᠪᠣᠭᠠᠯᠠᠨ ᠰᠣᠷᠣᠭᠴᠢ ᠡᠯᠰᠡᠬᠦ ᠪᠤᠶᠤ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠨᠡᠷ᠎ᠡ ᠪᠠᠷ ᠰᠣᠷᠣᠭᠴᠢ ᠶᠢᠨ ᠢᠷᠡᠯᠲᠡ ᠶᠢ ᠤᠬᠠᠭᠤᠯᠤᠨ ᠲᠠᠲᠠᠬᠤ ᠶᠢ ᠴᠢᠩᠭ᠎ᠠ ᠴᠠᠭᠠᠵᠠᠯᠠᠨ᠎ᠠ︔ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠯᠤᠭ᠎ᠠ ᠬᠤᠯᠪᠣᠭᠠᠯᠠᠨ ᠰᠣᠷᠣᠭᠴᠢ ᠶᠢᠨ ᠢᠷᠡᠯᠲᠡ ᠶᠢ ᠰᠢᠯᠢᠨ ᠰᠣᠩᠭᠤᠬᠤ ᠪᠠᠷ ᠵᠣᠷᠢᠯᠭ᠎ᠠ ᠪᠣᠯᠭᠠᠭᠰᠠᠨ ᠡᠯ᠎ᠡ ᠲᠥᠷᠥᠯ ᠤᠨ ᠰᠢᠯᠭᠠᠯᠲᠠ ᠶᠢ ᠵᠣᠬᠢᠶᠠᠨ ᠪᠠᠶᠢᠭᠤᠯᠬᠤ ᠪᠤᠶᠤ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠰᠢᠯᠭᠠᠯᠲᠠ ᠶᠢᠨ ᠳ᠋ᠦᠩ ᠢᠶᠠᠷ ᠰᠣᠷᠣᠭᠴᠢ ᠡᠯᠰᠡᠬᠦ ᠦᠨᠳᠦᠰᠦᠯᠡᠯ ᠪᠣᠯᠭᠠᠬᠤ ᠶᠢ ᠴᠢᠩᠭ᠎ᠠ ᠴᠠᠭᠠᠵᠠᠯᠠᠨ᠎ᠠ︔ ᠶᠡᠭᠡ ᠬᠡᠮᠵᠢᠶᠡᠨ ᠤ ᠡᠳ᠋ ᠪᠣᠳᠠᠰ ᠢᠶᠠᠷ ᠱᠠᠩᠨᠠᠨ ᠬᠥᠬᠢᠭᠦᠯᠬᠦ᠂ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠠᠷᠭ᠎ᠠ ᠪᠠᠷ ᠰᠣᠷᠣᠭᠴᠢ ᠶᠢᠨ ᠢᠷᠡᠯᠲᠡ ᠶᠢ ᠲᠠᠲᠠᠨ ᠰᠢᠯᠵᠢᠭᠦᠯᠬᠦ ᠶᠢ ᠴᠢᠩᠭ᠎ᠠ ᠴᠠᠭᠠᠵᠠᠯᠠᠨ᠎ᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠰᠡᠨ ᠰᠤᠷᠤᠬᠴᠢ ᠪᠠ ᠲᠦᠷ ᠰᠢᠯᠵᠢᠨ ᠰᠤᠷᠤᠯᠴᠠᠬᠤ ᠰᠤᠷᠤᠬᠴᠢ ᠶᠢ ᠡᠯᠰᠡᠬᠦ ᠶᠢ ᠴᠢᠩᠭ᠎ᠠ ᠴᠠᠭᠠᠵᠠᠯᠠᠨ᠎ᠠ︔ ᠬᠥᠮᠥᠨ ᠪᠠ ᠡᠷᠦᠬᠡ ᠠᠮᠠ ᠶᠢᠨ ᠬᠠᠷᠢᠶᠠᠯᠠᠯ ᠢ ᠰᠠᠯᠭᠠᠬᠤ᠂ ᠰᠤᠷᠭᠠᠭᠤᠯᠢ ᠶᠢᠨ ᠬᠠᠷᠢᠶᠠᠯᠠᠯ ᠳᠤ ᠬᠤᠭᠤᠰᠤᠨ ᠡᠵᠡᠯᠡᠭᠦᠯᠬᠦ ᠶᠢ ᠴᠢᠩᠭ᠎ᠠ ᠴᠠᠭᠠᠵᠠᠯᠠᠨ᠎ᠠ︔ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠳᠠᠪᠲᠠᠬᠤ ᠰᠤᠷᠤᠬᠴᠢ ᠡᠯᠰᠡᠬᠦ᠂ ᠪᠣᠯᠪᠠᠰᠤᠷᠠᠯ ᠤᠨ ᠠᠩᠭᠢ ᠡᠷᠬᠢᠯᠡᠬᠦ ᠶᠢ ᠴᠢᠩᠭ᠎ᠠ ᠴᠠᠭᠠᠵᠠᠯᠠᠨ᠎ᠠ︔ ᠠᠩᠬ᠎ᠠ ᠳᠤᠮᠳᠠᠳᠤ ᠶᠢᠨ ᠰᠤᠷᠤᠯᠭ᠎ᠠ ᠲᠡᠭᠦᠰᠬᠦ ᠰᠢᠯᠭᠠᠯᠲᠠ᠂ ᠥᠨᠳᠥᠷ ᠳᠤᠮᠳᠠᠳᠤ ᠶᠢᠨ ᠰᠤᠷᠤᠯᠭ᠎ᠠ ᠲᠡᠭᠦᠰᠬᠦ ᠰᠢᠯᠭᠠᠯᠲᠠ ᠶᠢᠨ ᠮᠠᠩᠯᠠᠢ ᠪᠠ ᠰᠤᠷᠭᠠᠭᠤᠯᠢ ᠳᠡᠪᠰᠢᠬᠦ ᠨᠤᠷᠮ᠎ᠠ ᠶᠢ ᠨᠡᠶᠢᠲᠡᠯᠡᠬᠦ᠂ ᠤᠬᠠᠭᠤᠯᠬᠤ᠂ ᠬᠥᠭᠡᠷᠭᠡᠳᠡᠬᠦ ᠶᠢ ᠴᠢᠩᠭ᠎ᠠ ᠴᠠᠭᠠᠵᠠᠯᠠᠨ᠎ᠠ᠃     
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1