ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/8/2
        1_副本.jpg
         7 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠴᠣᠭᠴᠠᠯᠠᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠲᠣᠭᠤᠷᠢᠭ ᠲᠤ ᠢᠷᠡᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ᠂ ᠲᠣᠭᠤᠷᠢᠭ ᠤᠨ ᠤᠳᠤᠷᠢᠳᠤᠯᠭ᠎ᠠ ᠼᠤᠤ ᡁᠢ ᠶᠦᠩ᠂ ᠹᠦ᠋ ᠰᠢᠸ ᠾᠥᠢ᠂ ᠯᠤᠸᠠᠨ ᠶᠦᠨ ᠾᠧ᠂ ᠯᠢ ᡁᠢ ᠭᠠᠩ ᠪᠠᠷ᠎ᠠ ᠪᠣᠯᠵᠤ ᠪᠠᠶᠢᠴᠠᠭᠠᠨ ᠰᠣᠳᠤᠯᠪᠠ᠃
2_副本.jpg
         ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠫᠢᠩᠵᠤᠸᠠᠩ ᠤᠨ ᠰᠢᠨ ᠹᠠ ᠳ᠋ᠢ ᠴᠤᠭᠯᠠᠭ᠎ᠠ ᠵᠠᠬ᠎ᠠ ᠳᠡᠯᠭᠡᠭᠦᠷ ᠂ ᠫᠢᠩᠵᠤᠸᠠᠩ ᠤᠨ ᠪᠠᠷᠠᠭᠤᠨ ᠬᠤᠳᠠ ᠵᠡᠭᠡᠯᠢ ᠭᠤᠳᠤᠮᠵᠢ ᠶᠢᠨ ᠸᠠᠩ ᠹᠦ᠋ ᠨᠡᠶᠢᠭᠡᠮ ᠲᠣᠭᠤᠷᠢᠭ ᠂ ᠶᠤᠸᠠᠨ ᠪᠦᠦ ᠱᠠᠨ  ᠪᠠᠯᠭᠠᠰᠤᠨ ᠤ ᠵᠢᠶᠠᠨ ᠴᠠᠩ ᠶᠢᠩ ᠲᠣᠰᠬᠤᠨ ᠵᠡᠷᠭᠡ ᠭᠠᠵᠠᠷ ᠲᠤ ᠬᠦᠷᠴᠦ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠂ ᠬᠠᠮᠢᠶᠠᠷᠤᠯᠲᠠ ᠶᠢᠨ ᠡᠮᠬᠢ ᠳᠢᠭᠯᠢᠮ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ ᠦᠷᠳᠡᠭᠡ ︶᠎ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠵᠡᠷᠭᠡ ᠶᠢ ᠪᠠᠶᠢᠴᠠᠭᠠᠨ ᠦᠵᠡᠬᠦ ᠶᠢᠨ ᠬᠠᠮᠲᠤ ᠠᠬᠤᠢ ᠲᠠᠯᠠᠪᠤᠷ ᠲᠤᠨᠢ ᠵᠢᠯᠤᠭᠤᠳᠬᠤ ᠰᠠᠨᠠᠯ ᠢᠶᠠᠨ ᠳᠤᠷᠠᠳᠴᠠᠢ ᠃
3_副本.jpg
         ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ  ᠴᠣᠭᠴᠠᠯᠠᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠤᠭᠰᠠᠨ ᠪᠠᠶᠢᠳᠠᠯ ᠢ ᠭᠦᠢᠴᠡᠳ ᠥᠨᠡᠯᠡᠨ ᠨᠣᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠂ ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠠᠵᠢᠯ ᠮᠥᠨ᠂ ᠡᠴᠦᠰ ᠤᠨ ᠵᠣᠷᠢᠯᠭ᠎ᠠ ᠨᠢ ᠬᠤᠲᠠ ᠶᠢᠨ ᠠᠷᠠᠳ ᠤᠨ ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠂ ᠰᠢᠨ᠎ᠡ ᠪᠠᠷᠢᠮᠵᠢᠶ᠎ᠠ ᠰᠢᠨ᠎ᠡ ᠱᠠᠭᠠᠷᠳᠠᠯᠭ᠎ᠠ ᠶᠢ ᠠᠯᠢ ᠲᠦᠷᠭᠡᠨ ᠡᠵᠡᠮᠰᠢᠵᠦ᠂ ᠡᠭᠦᠳᠦᠨ ᠴᠣᠭᠴᠠᠯᠠᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠨᠠᠢ᠂ ︽ ᠠᠭᠠᠷ ᠤᠳᠠᠰᠤ︾ ᠎ ᠪᠠᠷ ᠴᠠᠬᠢᠯᠭᠠᠨ ᠴᠡᠨᠡᠭᠯᠡᠬᠦ ᠶᠢ ᠴᠡᠭᠴᠡᠯᠡᠨ ᠵᠠᠰᠠᠬᠤ ᠵᠡᠷᠭᠡ ᠬᠦᠨᠳᠦ ᠪᠡᠷᠬᠡ ᠠᠰᠠᠭᠤᠳᠠᠯ ᠳᠤ ᠴᠢᠭᠯᠡᠭᠦᠯᠦᠨ᠂  ᠲᠤᠳᠠᠭᠳᠠᠯ ᠎ ᠲᠠᠢ ᠲᠠᠯ᠎ᠠ ᠎ ᠪᠠᠨ ᠨᠥᠬᠦᠪᠦᠷᠢᠯᠡᠵᠦ᠂ ᠳᠣᠷᠣᠢ ᠲᠠᠯ᠎ᠠ ᠪᠠᠨ ᠴᠢᠩᠭᠠᠷᠠᠭᠤᠯᠤᠨ ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠣᠯᠪᠠᠰᠤᠨ ᠤ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠡᠪᠡᠷ ᠲᠡᠭᠰᠢ᠂ ᠪᠣᠯᠪᠠᠰᠤᠨ ᠂  ᠣᠷᠤᠰᠢᠨ ᠰᠠᠭᠤᠬᠤ ᠳᠤ ᠲᠣᠬᠢᠯᠢᠭ ᠲᠠᠭᠠᠯᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠃ ᠪᠣᠯᠪᠠᠰᠤᠨ ᠤ ᠦᠢᠯᠡᠳᠦᠯᠭᠡ ᠶᠢᠨ ᠹᠷᠤᠨᠲ ᠤᠨ ᠪᠠᠶᠢᠭᠤᠯᠤᠯᠲᠠ ᠶᠢ ᠣᠯᠡᠮ ᠨᠢᠭᠡ ᠠᠯᠬᠤᠮ ᠲᠡᠭᠦᠯᠳᠡᠷᠵᠢᠭᠦᠯᠵᠦ ᠂ ᠲᠡᠭᠦᠨ ᠤ ᠦᠵᠡᠯ ᠰᠠᠨᠠᠭ᠎ᠠ ᠰᠣᠶᠣᠯ ᠎ ᠤᠨ ᠤᠬᠠᠭᠤᠯᠭ᠎ᠠ ᠶᠢᠨ ᠦᠢᠯᠡᠳᠦᠯ ᠢ ᠪᠠᠳᠠᠷᠠᠭᠤᠯᠤᠨ᠂ ᠣᠷᠤᠨ ᠲᠠᠯᠠᠪᠤᠷ ᠤᠨ ᠴᠢᠳᠠᠮᠵᠢ ᠶᠢ ᠥᠷᠭᠡᠳᠬᠡᠨ ᠪᠠᠶᠠᠯᠢᠭᠵᠢᠭᠤᠯᠵᠤ ᠂ ᠤᠯᠠᠨ ᠲᠦᠮᠡᠨ ᠤ ᠰᠡᠳᠬᠢᠯ ᠰᠠᠨᠠᠭᠠᠨ ᠳᠤ ᠠᠶᠠᠲᠠᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠲᠦᠭᠡᠯ ᠢ ᠲᠡᠭᠦᠯᠳᠡᠷ ᠢᠯᠡᠷᠡᠭᠦᠯᠵᠦ ᠂ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1