ᠲᠤᠰᠬᠠᠢ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠡᠷᠬᠢᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/8/27
    ᠨᠢᠭᠡᠳᠤᠭᠡᠷ ᠲᠤ ᠂ ᠠᠵᠢᠯᠲᠠᠨ ᠤ ᠬᠡᠪᠴᠢᠶ᠎ᠡ    ᠶᠤᠸᠠᠨ ᠪᠦᠦ ᠱᠠᠨ ᠲᠣᠭᠤᠷᠢᠭ ᠤᠨ ᠲᠥᠪᠬᠢᠨᠡᠭᠦᠯᠬᠦ ᠰᠠᠯᠠᠭ᠎ᠠ ᠮᠥᠴᠢᠷ ᠠᠴᠠ ᠭᠥᠯᠢᠶᠡᠨ ᠠᠪᠤᠭᠰᠠᠨ᠂ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠬᠤ ᠠᠷᠭ᠎ᠠ ᠮᠠᠶ᠋ᠢᠭ ᠢᠶᠠᠷ ᠵᠢᠩᠬᠢᠨᠢ ᠠᠯᠪᠠᠨ ᠠᠴᠠ ᠪᠠᠭᠤᠭᠰᠠᠨ ᠪᠠᠶᠢᠯᠳᠤᠭᠴᠢ ︵ᠪᠠᠭ᠎ᠠ ᠣᠹᠢᠼᠧᠷ︶᠂ ᠲᠥᠪᠬᠢᠨᠡᠭᠦᠯᠬᠦ ᠰᠠᠯᠠᠭ᠎ᠠ ᠮᠥᠴᠢᠷ ᠠᠴᠠ ᠨᠡᠷ᠎ᠡ ᠮᠡᠳᠡᠭᠦᠯᠵᠦ ᠲᠥᠪᠬᠢᠨᠡᠭᠦᠯᠦᠭᠰᠡᠨ ᠤ ᠳᠠᠷᠠᠭ᠎ᠠ᠂ ᠬᠤᠪᠢ ᠬᠥᠮᠥᠨ ᠤ ᠪᠤᠰᠤ ᠰᠢᠯᠲᠠᠭᠠᠨ ᠢᠶᠠᠷ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠪᠠ ᠥᠪᠡᠷ ᠢᠶᠠᠨ ᠠᠵᠢᠯ ᠡᠷᠢᠬᠦ ᠠᠷᠭ᠎ᠠ ᠮᠠᠶ᠋ᠢᠭ ᠢᠶᠠᠷ ᠲᠥᠪᠬᠢᠨᠡᠭᠦᠯᠦᠭᠰᠡᠨ ᠳᠠᠬᠢᠨ ᠠᠵᠢᠯ ᠣᠯᠬᠤ ᠳᠤ ᠬᠦᠴᠢᠷᠲᠡᠢ ᠴᠡᠷᠢᠭ ᠠᠩᠭᠢ ᠶᠢᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ︵ᠪᠠᠭ᠎ᠠ ᠣᠹᠢᠼᠧᠷ︶᠎ ᠶᠢᠨ ᠠᠵᠢᠯ ᠣᠯᠣᠭᠠᠳᠤᠢ ᠬᠤᠯᠪᠣᠰᠤ᠃    ᠬᠤᠶᠠᠳᠤᠭᠠᠷ ᠲᠤ᠂ ᠪᠣᠳᠠᠲᠠᠢ ᠱᠠᠭᠠᠷᠳᠠᠯᠭ᠎ᠠ    ᠨᠡᠷ᠎ᠡ ᠮᠡᠳᠡᠭᠦᠯᠬᠦ ᠱᠠᠭᠠᠷᠳᠠᠯᠭ᠎ᠠ᠄    ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ︵ᠳᠠᠷᠤᠭ᠎ᠠ︶᠎ ᠶᠢᠨ ᠠᠵᠢᠯ ᠣᠯᠣᠭᠠᠳᠤᠢ ᠬᠤᠯᠪᠣᠰᠤ᠂ 2022 ᠣᠨ ᠤ 8 ᠰᠠᠷ᠎ᠠ ᠶᠢᠨ 27᠎ ᠤ ᠡᠳᠦᠷ ︱︱ 8 ᠰᠠᠷ᠎ᠠ ᠶᠢᠨ 28᠎ ᠤ ᠡᠳᠦᠷ ᠤᠨ ᠠᠵᠢᠯᠯᠠᠬᠤ ᠴᠠᠭ ᠤᠨ ᠳᠣᠲᠣᠷ᠎ᠠ ᠲᠣᠰ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠣᠷᠤᠭ ᠤᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠶᠢᠨ ᠦᠨᠡᠮᠯᠡᠯ᠂ ᠴᠡᠷᠢᠭ ᠠᠴᠠ ᠬᠠᠯᠠᠭᠳᠠᠭᠰᠠᠨ ᠦᠨᠡᠮᠯᠡᠯ ᠪᠤᠶᠤ ᠴᠡᠷᠢᠭ ᠠᠴᠠ ᠬᠠᠯᠠᠭᠳᠠᠭᠰᠠᠳ ᠤᠨ ᠳᠠᠩᠰᠠᠯᠠᠯᠲᠠ ᠶᠢᠨ ᠬᠦᠰᠦᠨᠦᠭᠲᠦ᠂ ᠲᠥᠪᠬᠢᠨᠡᠭᠦᠯᠬᠦ ᠲᠠᠨᠢᠯᠴᠠᠭᠤᠯᠭ᠎ᠠ ᠶᠢᠨ ᠪᠢᠴᠢᠭ ᠪᠠ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠭᠰᠠᠨ ᠭᠡᠷᠡᠴᠢ ᠪᠤᠶᠤ ᠥᠪᠡᠷ ᠢᠶᠠᠨ ᠠᠵᠢᠯ ᠡᠷᠢᠭᠰᠡᠨ ᠮᠥᠩᠭᠦ ᠶᠢᠨ ᠭᠡᠷᠡᠴᠢ ᠪᠠᠷᠢᠮᠲᠠ ᠠᠪᠤᠭᠰᠠᠨ ᠤᠭ ᠮᠠᠲ᠋ᠧᠷᠢᠶᠠᠯ ᠪᠠ ᠬᠠᠭᠤᠯᠪᠤᠷᠢ ᠪᠠᠨ ᠠᠪᠴᠤ᠂ ᠶᠤᠸᠠᠨ ᠪᠦᠦ ᠱᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠬᠦᠷᠴᠦ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ ᠂ ᠨᠥᠬᠦᠴᠡᠯ ᠳᠤ ᠨᠡᠶᠢᠴᠡᠪᠡᠯ ᠲᠠᠯᠠᠪᠤᠷ ᠲᠤ ᠣᠷᠣᠬᠤ ᠪᠢᠯᠧᠲ ᠢᠶᠠᠨ ᠠᠪᠴᠤ ᠪᠣᠯᠬᠤ ᠪᠥᠭᠡᠳ ᠲᠣᠭᠲᠠᠭᠰᠠᠨ ᠴᠠᠭ ᠤᠨ ᠳᠣᠲᠣᠷ᠎ᠠ ᠲᠠᠯᠠᠪᠤᠷ ᠲᠤ ᠣᠷᠣᠬᠤ ᠪᠢᠯᠧᠲ ᠢᠶᠠᠨ ᠠᠪᠴᠤ ᠲᠠᠯᠠᠪᠤᠷ ᠲᠤ ᠣᠷᠣᠵᠤ ᠪᠣᠯᠣᠨ᠎ᠠ ᠃    ᠨᠠᠰᠤᠨ ᠤ ᠱᠠᠭᠠᠷᠳᠠᠯᠭ᠎ᠠ ᠄    ᠡᠷᠡᠭᠲᠡᠢ ᠬᠥᠮᠥᠨ ᠪᠦᠬᠦᠯᠢ 50 ᠨᠠᠰᠤᠨ ᠠᠴᠠ ᠳᠣᠭᠤᠭᠰᠢ ᠂ ᠡᠮᠡᠭᠲᠡᠢ ᠬᠥᠮᠥᠨ ᠪᠦᠬᠦᠯᠢ 45 ᠨᠠᠰᠤᠨ ᠠᠴᠠ ᠳᠣᠭᠤᠭᠰᠢ ᠃    ᠪᠤᠰᠤᠳ ᠱᠠᠭᠠᠷᠳᠠᠯᠭ᠎ᠠ᠄    ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠠᠵᠢᠯᠲᠠᠨ ᠤ ᠠᠵᠢᠯ ᠤᠨ ᠪᠠᠶᠢᠷᠢ ᠳᠤ ᠨᠢᠭᠡᠨᠲᠡ ᠨᠡᠷ᠎ᠡ ᠮᠡᠳᠡᠭᠦᠯᠦᠭᠡᠳ ᠠᠮᠵᠢᠯᠲᠠ ᠣᠯᠣᠭᠰᠠᠨ ᠪᠠᠶᠢᠪᠠᠯ᠂ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠤᠨ ᠬᠡᠪᠴᠢᠶᠡᠨ ᠳᠤ ᠪᠠᠭᠲᠠᠬᠤ ᠦᠭᠡᠢ᠃    ᠭᠤᠷᠪᠠᠳᠤᠭᠠᠷ ᠲᠦ ᠂ ᠠᠵᠢᠯᠲᠠᠨ ᠡᠯᠰᠡᠬᠦ  ᠴᠤᠭᠯᠠᠭᠠᠨ ᠤ ᠴᠠᠭ ᠵᠢᠴᠢ ᠭᠠᠵᠠᠷᠴᠠᠭ᠄    2022 ᠣᠨ ᠤ 8 ᠰᠠᠷ᠎ᠠ ᠶᠢᠨ 29᠎ ᠤ ᠡᠳᠦᠷ ᠤᠨ 9᠄ 00 ︱ 11᠄ 00    ᠬᠠᠶ᠋ᠢᠭ᠄    ᠲᠣᠭᠤᠷᠢᠭ ᠤᠨ ᠠᠵᠢᠯ ᠣᠯᠭᠤᠬᠤ ᠲᠣᠪᠴᠢᠶᠠᠨ ᠤ ᠬᠦᠷᠢᠶᠡᠨ ᠳᠤ ︵ᠪᠧᠢ ᠬᠤᠸᠠᠨ ᠴᠠᠬᠢᠯᠭᠠᠨ ᠤ ᠦᠢᠯᠡᠰ ᠤᠨ ᠲᠣᠪᠴᠢᠶ᠎ᠠ ᠠᠴᠠ ᠵᠡᠭᠦᠨᠰᠢ 50 ᠮᠧᠲᠷ︶    ᠲᠦᠷᠪᠡᠳᠦᠭᠡᠷ ᠲᠤ ᠂ ᠨᠡᠷ᠎ᠡ ᠮᠡᠳᠡᠭᠦᠯᠬᠦ ᠬᠠᠶ᠋ᠢᠭ ᠵᠢᠴᠢ ᠠᠰᠠᠭᠤᠨ ᠯᠠᠪᠯᠠᠬᠤ ᠤᠲᠠᠰᠤᠨᠡᠷ᠎ᠡ ᠮᠡᠳᠡᠭᠦᠯᠬᠦ ᠬᠠᠶ᠋ᠢᠭ᠄    ᠶᠤᠸᠠᠨ ᠪᠦᠦ ᠱᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠶᠢᠨ ᠱᠢ ᠱᠢ ᠵᠢᠶᠠ ᠶᠤᠸᠠᠨ ᠲᠣᠭᠤᠷᠢᠭ ᠤᠨ ᠪᠠᠷᠠᠭᠤᠨ ᠡᠭᠦᠳᠡ ᠪᠠᠷ ᠤᠮᠠᠷᠠᠰᠢ 30 ᠮᠧᠲᠷ ᠶᠠᠪᠤᠨ᠎ᠠ︶    ᠯᠠᠪᠯᠠᠬᠤ ᠤᠲᠠᠰᠤ᠄    0476 ︱ 3559063                         ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠴᠡᠷᠢᠭ             ᠎ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ                     2022 ᠣᠨ ᠤ 8 ᠰᠠᠷ᠎ᠠ ᠶᠢᠨ 26  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1