︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠪᠦᠬᠦ ᠨᠠᠮ ᠢᠶᠠᠷ ᠢᠶᠠᠨ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2022/8/30
     8 ᠰᠠᠷ᠎ᠠ ᠶᠢᠨ 16᠎ ᠤ ᠡᠳᠦᠷ ᠬᠡᠪᠯᠡᠭᠳᠡᠭᠰᠡᠨ 16 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠪᠦᠬᠦ ᠨᠠᠮ ᠢᠶᠠᠷ ᠢᠶᠠᠨ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃     ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠰᠢᠰᠲ᠋ᠧᠮᠲᠤ ᠤᠨᠤᠯ ᠤᠨ ᠰᠢᠰᠲ᠋ᠧᠮ ᠪᠣᠯᠤᠨ᠎ᠠ᠂ ᠬᠥᠭᠵᠢᠯᠲᠡ ᠶᠢᠨ ᠬᠠᠷᠠᠯᠲᠠ᠂ ᠬᠥᠳᠡᠯᠭᠡᠬᠦ ᠬᠦᠴᠦᠨ᠂ ᠠᠷᠭ᠎ᠠ ᠬᠡᠯᠪᠡᠷᠢ᠂ ᠠᠷᠭ᠎ᠠ ᠵᠠᠮ ᠵᠡᠷᠭᠡ ᠠᠯᠢ ᠤᠯᠠᠨ ᠤᠨᠤᠯ ᠪᠣᠯᠤᠨ ᠦᠢᠯᠡᠳᠦᠯᠭᠡ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠬᠥᠭᠵᠢᠯᠲᠡ ᠶᠢᠨ ᠲᠤᠬᠠᠢ ᠮᠠᠨ ᠤ ᠨᠠᠮ ᠤᠨ ᠤᠯᠤᠰ ᠲᠦᠷᠦ ᠶᠢᠨ ᠵᠣᠭᠰᠣᠯᠲᠠ᠂ ᠦᠷᠳᠡᠭ ᠤᠨ ᠤᠳᠤᠷᠢᠳᠤᠮᠵᠢ᠂ ᠬᠥᠭᠵᠢᠯᠲᠡ ᠶᠢᠨ ᠵᠠᠭᠪᠤᠷ᠂ ᠬᠥᠭᠵᠢᠯᠲᠡ ᠶᠢᠨ ᠵᠠᠮ ᠵᠡᠷᠭᠡ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠢ ᠲᠣᠳᠣᠷᠬᠠᠶᠢᠯᠠᠨ ᠥᠭᠦᠯᠡᠵᠦ᠂ ᠪᠦᠬᠦ ᠨᠠᠮ ᠢᠶᠠᠷ ᠢᠶᠠᠨ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠯᠠᠪᠳᠠᠭᠤᠨ ᠪᠠᠲᠤᠲᠠᠢ ᠲᠤᠭᠤᠰᠢᠯᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠨᠢᠭᠡᠨ ᠪᠦᠬᠦᠯᠢ ᠴᠣᠭᠴᠠ ᠮᠥᠨ᠂ ᠲᠥᠪ ᠤᠨ ᠳᠠᠪᠬᠤᠷᠭ᠎ᠠ ᠴᠤ ᠲᠡᠷᠡ ᠰᠠᠯᠠᠭ᠎ᠠ ᠮᠥᠴᠢᠷ ᠤᠨ ᠳᠠᠪᠬᠤᠷᠭ᠎ᠠ ᠬᠡᠰᠡᠨ ᠦᠬᠡᠢ᠂ ᠮᠤᠵᠢ ᠶᠢᠨ ᠱᠠᠲᠤᠨ ᠤ ᠳᠠᠪᠬᠤᠷᠭ᠎ᠠ ᠴᠤ ᠲᠡᠷᠡ ᠮᠤᠵᠢ ᠶᠢᠨ ᠱᠠᠲᠤᠨ ᠠᠴᠠ ᠳᠣᠷᠣᠭᠰᠢᠬᠢ ᠡᠯ᠎ᠡ ᠱᠠᠲᠤᠨ ᠤ ᠳᠠᠪᠬᠤᠷᠭ᠎ᠠ ᠬᠡᠰᠡᠨ ᠦᠬᠡᠢ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠴᠥᠮ ᠪᠦᠷᠢᠨ ᠪᠦᠲᠦᠨ ᠡᠵᠡᠮᠳᠡᠵᠦ᠂ ᠣᠨᠣᠪᠴᠢᠲᠠᠢ ᠣᠶᠢᠯᠠᠭᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠬᠦᠷᠢᠶᠡᠨ ᠳᠤ ᠲᠤᠭᠤᠰᠢᠯᠠᠭᠤᠯᠬᠤ ᠬᠡᠷᠡᠭᠲᠡᠢ᠃ ᠭᠤᠣᠯ ᠵᠥᠷᠢᠴᠡᠯ ᠪᠣᠯᠤᠨ ᠵᠥᠷᠢᠴᠡᠯ ᠤᠨ ᠭᠤᠣᠯ ᠲᠠᠯ᠎ᠠ ᠶᠢ ᠠᠳᠬᠤᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠨᠥᠯᠥᠭᠡᠯᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠰᠢᠨ᠎ᠡ ᠶᠢ ᠡᠭᠦᠳᠬᠦ ᠬᠥᠭᠵᠢᠯᠲᠡ ᠂ ᠵᠣᠬᠢᠴᠠᠩᠭᠤᠢ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ ᠨᠡᠭᠡᠭᠡᠯᠲᠡᠲᠦ ᠬᠥᠭᠵᠢᠯᠲᠡ᠂ ᠬᠠᠮᠲᠤ ᠪᠠᠷ ᠡᠳ᠋ᠯᠡᠬᠦ ᠬᠥᠭᠵᠢᠯᠲᠡ ᠶᠢ ᠠᠵᠢᠯ ᠤᠨ ᠳᠤᠮᠳᠠ ᠪᠠᠨ ᠴᠥᠮ ᠠᠩᠬᠠᠷᠴᠤ᠂ ᠲᠡᠭᠦᠨ ᠢ ᠬᠠᠮᠵᠢᠯᠴᠠᠨ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠦᠨᠳᠦ ᠬᠦᠡᠭᠭᠡᠨ ᠢ ᠨᠢ ᠲᠡᠩᠴᠡᠭᠦᠷᠢ ᠦᠭᠡᠢ ᠪᠠᠶᠢᠯᠭᠠᠵᠤ ᠪᠣᠯᠬᠤ ᠦᠭᠡᠢ᠂ ᠥᠷᠥᠭᠡᠰᠦᠬᠡᠯ ᠲᠠᠯ᠎ᠠ ᠪᠠᠷ ᠪᠦᠬᠦ ᠲᠠᠯ᠎ᠠ ᠶᠢ ᠣᠷᠣᠯᠠᠭᠤᠯᠵᠤ ᠪᠣᠯᠬᠤ ᠦᠭᠡᠢ ᠭᠡᠵᠦ ᠵᠢᠭᠠᠵᠤ ᠭᠠᠷᠭᠠᠵᠠᠢ᠃     ᠵᠣᠬᠢᠶᠠᠯ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ᠂ ᠡᠷᠬᠡᠪᠰᠢ ᠬᠠᠮᠲᠤ ᠪᠠᠷ ᠪᠠᠶᠠᠵᠢᠬᠤ ᠠᠰᠠᠭᠤᠳᠠᠯ ᠢ ᠨᠡᠩ ᠴᠢᠬᠤᠯᠠᠴᠢᠯᠠᠬᠤ ᠬᠡᠷᠡᠭᠲᠡᠢ᠃ ᠬᠠᠮᠲᠤ ᠪᠠᠷ ᠪᠠᠶᠠᠵᠢᠬᠤ ᠪᠣᠯ ᠲᠡᠷᠡ ᠴᠢᠭ ᠢᠶᠠᠷ ᠢᠶᠠᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠨᠢᠭᠡᠨ ᠴᠢᠬᠤᠯᠠ ᠬᠠᠷᠠᠯᠲᠠ ᠮᠥᠨ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠶᠢ ᠢᠮᠠᠭᠲᠠ ᠬᠥᠭᠵᠢᠯᠲᠡ ᠶᠢᠨ ᠵᠤᠷᠢᠯᠲᠠ ᠪᠠ ᠲᠤᠰᠤᠯᠲᠠ ᠪᠣᠯᠭᠠᠵᠤ᠂ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠴᠠ ᠳᠤ ᠡᠨᠡ ᠠᠰᠠᠭᠤᠳᠠᠯ ᠢ ᠲᠠᠰᠤᠷᠠᠯᠳᠠ ᠦᠭᠡᠢ᠂ ᠠᠯᠬᠤᠮ ᠠᠯᠬᠤᠮ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ ᠮᠥᠨ᠂ ᠪᠠᠰᠠ ᠴᠤ ᠨᠢᠭᠡᠨ ᠪᠣᠳᠠᠲᠤ ᠡᠭᠦᠷᠭᠡ ᠮᠥᠨ᠂ ᠶᠠᠭᠠᠷᠠᠵᠤ ᠪᠣᠯᠬᠤ ᠦᠭᠡᠢ ᠮᠦᠷᠲᠡᠭᠡᠨ ᠬᠦᠯᠢᠶᠡᠵᠦ ᠴᠦ ᠪᠣᠯᠬᠤ ᠦᠭᠡᠢ᠂ ᠡᠷᠬᠡᠪᠰᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠯᠠᠪᠳᠠᠭᠤᠨ ᠪᠠᠲᠤᠲᠠᠢ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠡᠨᠡ ᠬᠦ ᠬᠠᠷᠠᠯᠲᠠ ᠶᠢ ᠴᠢᠭᠯᠡᠨ ᠨᠡᠩ ᠢᠳᠡᠪᠬᠢᠲᠡᠢ ᠵᠢᠳᠭᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃     ᠵᠣᠬᠢᠶᠠᠯ ᠳᠤ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠤᠭᠤᠯᠬᠤ ᠬᠡᠷᠡᠭᠲᠡᠢ ᠮᠥᠷᠲᠡᠭᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ ᠪᠠᠶᠢᠭᠤᠯᠤᠮᠵᠢ ᠲᠣᠭᠲᠠᠴᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡᠨᠲᠡ ᠬᠢᠭᠰᠡᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ᠂ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ᠂ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠬᠠᠮᠲᠤ ᠪᠠᠷ ᠡᠳ᠋ᠯᠡᠬᠦ ᠬᠥᠭᠵᠢᠯᠲᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠲᠥᠰᠦᠯ ᠢ ᠨᠠᠩ ᠣᠨᠣᠪᠴᠢᠲᠠᠶ ᠲᠤᠭᠳᠠᠭᠠᠵᠤ᠂ ᠲᠦᠷᠢᠮ ᠤᠨ ᠰᠢᠰᠲ᠋ᠧᠮ ᠢ ᠨᠠᠩ ᠪᠥᠬᠦ ᠲᠠᠯ᠎ᠠ ᠪᠠᠷ ᠲᠡᠭᠦᠯᠳᠡᠷᠵᠢᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃     ᠵᠣᠬᠢᠶᠠᠯ ᠳᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠣᠯᠤᠨ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠠᠷᠠᠯᠠᠯᠳᠤ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯ ᠢ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃     ᠵᠣᠬᠢᠶᠠᠯ ᠳᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ ᠪᠠᠰᠠ ᠲᠦᠢᠯ ᠤᠨ ᠴᠢᠬᠤᠯᠠ ᠤᠯᠤᠰ ᠲᠦᠷᠦ ᠶᠢᠨ ᠱᠠᠭᠠᠷᠳᠠᠯᠭ᠎ᠠ ᠮᠦᠨ᠃ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠨᠢ ᠴᠦᠮ ᠤᠯᠤᠰ ᠲᠦᠷᠦ ᠶᠢᠨ ᠶᠠᠪᠤᠳᠠᠯ ᠪᠠᠶᠢᠵᠤ᠂ ᠤᠯᠤᠰ ᠲᠦᠷᠦ ᠠᠴᠠ ᠰᠠᠯᠵᠤ ᠴᠢᠳᠠᠬᠤ ᠦᠭᠡᠢ ᠶᠤᠮ᠃ ᠨᠠᠮ ᠠᠴᠠ ᠠᠷᠠᠳ ᠲᠦᠮᠡᠨ ᠢ ᠤᠳᠤᠷᠢᠳᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠬᠠᠮᠤᠭ ᠤᠨ ᠴᠢᠬᠤᠯᠠ ᠨᠢ ᠡᠯ᠎ᠡ ᠵᠦᠢᠯ ᠤᠨ ᠨᠠᠷᠢᠨ ᠪᠤᠳᠤᠯᠢᠶᠠᠨᠲᠠᠢ ᠤᠯᠤᠰ ᠲᠦᠷᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠪᠠᠶᠢᠳᠠᠯ ᠪᠤᠳᠤᠯᠢᠶᠠᠨᠲᠠᠢ᠂ ᠡᠭᠦᠷᠭᠡ ᠪᠡᠷᠬᠡ ᠬᠠᠲᠠᠭᠤᠵᠢᠯᠲᠠᠢ ᠪᠣᠯᠬᠤ ᠲᠤᠳᠤᠮ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠤᠯᠠᠮ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠠᠵᠢᠯ ᠤᠨ ᠳᠤᠮᠳᠠ ᠪᠠᠨ ᠤᠯᠠᠮ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠲᠡᠰ ᠤᠨ ᠺᠠᠳ᠋ᠷ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾᠎ ᠢ ᠰᠡᠳᠭᠢᠯ ᠳᠡᠭᠡᠨ ᠪᠤᠳᠤᠵᠦ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠬᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠴᠢᠬᠤᠯᠠ ᠶᠡᠭᠡ ᠡᠭᠦᠷᠭᠡ ᠶᠢ ᠪᠠᠶᠢᠷᠢᠯᠠᠭᠤᠯᠬᠤ᠂ ᠴᠢᠬᠤᠯᠠ ᠶᠡᠭᠡ ᠠᠵᠢᠯ ᠢ ᠠᠬᠢᠭᠤᠯᠬᠤ ᠦᠢᠯᠡᠳᠦᠯᠭᠡ ᠳᠤᠮᠳᠠ ᠢᠯᠡᠷᠡᠭᠦᠯᠵᠦ᠂ ᠦᠷᠭᠦᠯᠵᠢ ᠬᠠᠷᠭᠤᠭᠤᠯᠤᠨ ᠪᠠᠷᠢᠮᠵᠢᠶᠠᠯᠠᠵᠤ᠂ ᠬᠡᠯᠪᠠᠶᠢᠭᠦᠦ ᠵᠦᠢᠯ ᠢᠶᠠᠨ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1