ᠰᠢ ᠶᠢᠨ ᠫᠢᠩ ᠪᠣᠯᠤᠨ ᠺᠣᠷᠢᠶᠠ ᠶᠢᠨ ᠶᠡᠷᠦᠩᠬᠡᠶᠢᠯᠡᠭᠴᠢ ᠶᠢᠨ ᠰᠢ ᠶᠤᠸᠠᠢ ᠳᠤᠮᠳᠠᠳᠤ ᠺᠣᠷᠢᠶᠠ ᠶᠢᠨ ᠬᠠᠷᠢᠯᠴᠠᠭ᠎ᠠ | ᠪᠠᠶᠢᠭᠤᠯᠤᠭᠰᠠᠨ 30 ᠵᠢᠯ ᠤᠨ ᠤᠢ ᠶᠢᠨ ᠲᠤᠬᠠᠢ ᠬᠠᠷᠢᠯᠴᠠᠨ ᠪᠠᠶᠠᠷ ᠤᠨ ᠵᠠᠬᠢᠳᠠᠯ ᠢᠯᠡᠭᠡᠪᠡ | ᠯᠢ ᠺᠧ ᠴᠢᠶᠠᠩ ᠪᠣᠯᠤᠨ ᠺᠣᠷᠢᠶᠠ ᠶᠢᠨ ᠲᠦᠷᠦ ᠶᠢᠨ ᠶᠠᠪᠤᠳᠠᠯ ᠤᠨ ᠶᠡᠷᠦᠩᠬᠡᠢ ᠰᠠᠶᠢᠳ ᠬᠠᠨ ᠳ᠋ᠧ ᠵᠦ ᠬᠠᠷᠢᠯᠴᠠᠨ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ | ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 24 ᠤ ᠴᠠᠬᠢᠯᠭᠠᠨ ᠮᠡᠳᠡᠭᠡ 8 ᠰᠠᠷ᠎ᠠ ᠶᠢᠨ 24 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠺᠣᠷᠢᠶᠠ ᠶᠢᠨ ᠶᠡᠷᠦᠩᠬᠡᠶᠢᠯᠡᠭᠴᠢ ᠶᠢᠨ ᠰᠢ ᠶᠤᠸᠠᠢ ᠬᠠᠷᠢᠯᠴᠠᠨ ᠪᠠᠶᠠᠷ ᠤᠨ | ᠵᠠᠬᠢᠳᠠᠯ ᠢᠯᠡᠭᠡᠵᠦ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠺᠣᠷᠢᠶᠠ ᠪᠣᠯ ᠲᠠᠯᠠᠢ ᠠᠯᠤᠰᠯᠠᠭᠰᠠᠨ ᠥᠨᠢᠳᠡ ᠶᠢᠨ ᠬᠥᠷᠰᠢ ᠤᠯᠤᠰ ᠮᠥᠨ᠂ ᠬᠤᠶᠠᠷ | ᠤᠯᠤᠰ ᠤᠨ ᠠᠷᠠᠳ ᠲᠦᠮᠡᠨ ᠤ ᠨᠥᠬᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠳᠤᠮᠳᠠᠳᠤ ᠺᠣᠷᠢᠶᠠ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ | ᠳᠤᠮᠳᠠᠳᠤ ᠺᠣᠷᠢᠶᠠ ᠶᠢᠨ ᠬᠠᠷᠢᠯᠴᠠᠭ᠎ᠠ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠬᠥᠭᠵᠢᠵᠦ᠂ ᠡᠯᠪᠡᠭ ᠪᠠᠶᠠᠯᠢᠭ ᠦᠷ᠎ᠡ | ᠪᠦᠲᠦᠭᠡᠯ ᠣᠯᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠴᠢᠬᠤᠯᠠ ᠶᠡᠭᠡ ᠪᠤᠶᠠᠨ ᠵᠢᠷᠭᠠᠯ | ᠠᠪᠴᠢᠷᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠬᠤᠪᠢ | ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠴᠢᠨ ᠵᠢᠯ ᠤᠨ ᠡᠷᠡᠰ ᠬᠤᠪᠢᠷᠠᠯ᠂ ᠭᠤᠴᠢᠨ ᠵᠢᠯ ᠤᠨ ᠰᠢᠷᠭᠠᠭᠤ ᠴᠢᠷᠮᠠᠶᠢᠯᠭ᠎ᠠ ᠶᠢᠨ ᠰᠢᠯᠢᠳᠡᠭ | ᠪᠦᠳᠦᠭᠡᠯ᠃ ᠳᠤᠮᠳᠠᠳᠤ ᠺᠣᠷᠢᠶᠠ ᠶᠢᠨ ᠬᠠᠷᠢᠯᠴᠠᠭ᠎ᠠ ᠭᠡᠷᠡᠯ ᠰᠠᠴᠤᠷᠠᠩᠭᠤᠢ ᠬᠥᠭᠵᠢᠯᠲᠡ ᠶᠢᠨ ᠠᠮᠵᠢᠯᠲᠠ ᠣᠯᠵᠤ | ᠴᠢᠳᠠᠭᠰᠠᠨ ᠨᠢ ᠬᠤᠶᠠᠷ ᠲᠠᠯ᠎ᠠ ᠪᠠᠷ ᠢᠶᠠᠨ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠴᠠᠭ ᠦᠶ᠎ᠡ ᠶᠢᠨ ᠬᠥᠭᠵᠢᠯᠲᠡ ᠶᠢᠨ | ᠤᠷᠤᠰᠬᠠᠯ ᠢ ᠲᠠᠭᠠᠵᠥ᠂ ᠬᠤᠶᠠᠷ ᠲᠠᠯ᠎ᠠ ᠶᠢᠨ ᠬᠠᠷᠢᠯᠴᠠᠭ᠎ᠠ ᠳᠤ ᠲᠠᠰᠤᠷᠠᠯᠳᠠ ᠦᠭᠡᠢ ᠰᠢᠨ᠎ᠡ ᠴᠠᠭ ᠦᠶ᠎ᠡ ᠶᠢᠨ | ᠠᠭᠤᠯᠤᠭᠳᠠᠬᠤᠨ ᠨᠡᠮᠡᠷᠢᠯᠡᠭᠰᠡᠨ ᠳᠤ ᠪᠤᠢ︔ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠵᠦ ᠬᠠᠷᠢᠯᠴᠠᠨ | ᠢᠲᠡᠭᠡᠯᠴᠡᠬᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ | ᠴᠢᠬᠤᠯᠠ ᠶᠡᠭᠡ ᠠᠰᠠᠭᠤᠳᠠᠯ ᠢ ᠬᠠᠷᠠᠭᠠᠯᠵᠠᠵᠤ᠂ ᠴᠢᠩ ᠦᠨᠡᠨᠴᠢ ᠤᠯᠤᠯᠴᠠᠭ᠎ᠠ ᠪᠠᠷ ᠳᠠᠮᠵᠢᠭᠤᠯᠤᠨ ᠣᠶᠢᠯᠠᠭᠠᠯᠴᠠᠭ᠎ᠠ ᠪᠠ | ᠢᠲᠡᠭᠡᠯᠴᠡᠭᠡ ᠪᠠᠨ ᠨᠡᠮᠡᠭᠳᠡᠭᠦᠯᠦᠭᠰᠡᠨ ᠳᠤ ᠪᠤᠢ︔ ᠬᠤᠶᠠᠷ ᠲᠠᠯ᠎ᠠ ᠪᠠᠷ ᠢᠶᠠᠨ ᠬᠠᠮᠲᠤᠷᠠᠯᠴᠠᠨ ᠬᠠᠮᠲᠤ ᠪᠠᠷ ᠠᠰᠢᠭ ᠬᠦᠷᠳᠡᠬᠦ ᠶᠢ | ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠤᠨ ᠰᠣᠯᠢᠯᠴᠠᠭ᠎ᠠ ᠬᠢᠵᠦ ᠬᠠᠷᠢᠯᠴᠠᠨ ᠲᠤᠯᠢᠯᠠᠬᠤ ᠶᠢ | ᠭᠦᠨᠵᠡᠭᠡᠶᠢᠷᠡᠭᠦᠯᠵᠦ᠂ ᠬᠠᠷᠢᠯᠴᠠᠨ ᠠᠮᠵᠢᠯᠲᠠ ᠭᠠᠷᠭᠠᠵᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠦᠭᠰᠡᠨ ᠳᠤ ᠪᠤᠢ︔ | ᠬᠤᠶᠠᠷ ᠲᠠᠯ᠎ᠠ ᠪᠠᠷ ᠢᠶᠠᠨ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠢ ᠭᠠᠷ ᠬᠤᠯᠪᠣᠯᠴᠠᠨ ᠬᠠᠮᠠᠭᠠᠯᠠᠵᠤ᠂ ᠣᠷᠣᠨ ᠪᠦᠰᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠨ | ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠭᠰᠠᠨ ᠳᠤ ᠪᠤᠢ᠃ ᠡᠳᠡᠭᠡᠷ ᠡᠷᠬᠢᠮ ᠨᠠᠨᠳᠢᠨ | ᠲᠤᠷᠰᠢᠯᠭ᠎ᠠ ᠶᠢ ᠪᠢᠳᠡ ᠬᠤᠪᠢ ᠳᠠᠬᠢᠨ ᠨᠠᠨᠳᠢᠩᠨᠠᠵᠤ ᠤᠷᠲᠤ ᠬᠤᠭᠤᠴᠠᠭ᠎ᠠ ᠪᠠᠷ ᠪᠠᠷᠢᠮᠲᠠᠯᠠᠭᠤᠰᠢᠲᠠᠶ ᠶᠤᠮ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ | ᠰᠣᠯᠪᠢᠴᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠡᠨᠡ ᠬᠦ | ᠵᠠᠩᠭᠢᠯᠠᠭ᠎ᠠ ᠶᠢᠨ ᠴᠠᠭ ᠮᠥᠴᠡ ᠳᠤ᠂ ᠳᠤᠮᠳᠠᠳᠤ ᠺᠣᠷᠢᠶᠠ ᠶᠢ ᠪᠠᠭᠲᠠᠭᠠᠭᠰᠠᠨ ᠳᠡᠯᠡᠬᠡᠢ ᠨᠡᠶᠢᠭᠡᠮ ᠢᠶᠠᠷ ᠢᠶᠠᠨ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠪᠦᠯᠬᠦᠮᠳᠡᠨ ᠬᠠᠮᠲᠤᠷᠠᠯᠴᠠᠵᠤ ᠠᠶᠤᠯ ᠲᠦᠭᠰᠢᠭᠦᠷᠢ ᠶᠢ ᠢᠯᠠᠨ ᠳᠠᠪᠠᠵᠤ᠂ | ᠬᠦᠴᠢᠷ ᠢ ᠲᠤᠭᠤᠯᠵᠤ ᠴᠢᠳᠠᠨ᠎ᠠ᠃ ᠳᠤᠮᠳᠠᠳᠤ ᠺᠣᠷᠢᠶᠠ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠪᠣᠯᠬᠤ | ᠬᠡᠷᠡᠭᠲᠡᠶ᠃ ᠪᠢ ᠳᠤᠮᠳᠠᠳᠤ ᠺᠣᠷᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠶᠢᠨ ᠰᠢ ᠶᠤᠸᠠᠢ ᠲᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ | ᠴᠢᠩᠭᠠᠳᠬᠠᠵᠤ᠂ ᠳᠤᠮᠳᠠᠳᠤ ᠺᠣᠷᠢᠶᠠ ᠬᠤᠶᠠᠷ ᠲᠠᠯ᠎ᠠ ᠶᠢ ᠬᠦᠳᠦᠯᠦᠨ ᠳᠠᠭᠠᠭᠤᠯᠵᠤ ᠪᠠᠶᠢᠭᠠᠳ ᠬᠠᠷᠢᠯᠴᠠᠭ᠎ᠠ ᠪᠠᠶᠢᠭᠤᠯᠤᠭᠰᠠᠨ | 30 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠶᠡᠭᠡ ᠬᠠᠨᠳᠤᠰᠢ ᠶᠢ ᠡᠵᠡᠮᠳᠡᠵᠦ᠂ ᠬᠠᠷᠰᠢ ᠰᠠᠭᠠᠳ ᠢ ᠠᠷᠢᠯᠭᠠᠵᠤ᠂ | ᠨᠥᠬᠦᠷᠯᠡᠯ ᠢᠶᠠᠨ ᠪᠠᠲᠤᠳᠬᠠᠵᠤ᠂ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠤᠯᠤᠰ ᠤᠨ | ᠬᠠᠷᠢᠯᠴᠠᠭ᠎ᠠ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠵᠤ᠂ ᠬᠤᠶᠠᠷ ᠤᠯᠤᠰ ᠪᠣᠯᠤᠨ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | ᠶᠢᠨ ᠰᠢ ᠶᠤᠸᠠᠢ ᠪᠠᠶᠠᠷ ᠤᠨ ᠵᠠᠬᠢᠳᠠᠯ ᠳᠠᠭᠠᠨ ᠺᠣᠷᠢᠶᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ | ᠣᠶ ᠳᠤ ᠬᠠᠯᠠᠭᠤᠨ ᠪᠠᠶᠠᠷ ᠬᠦᠷᠭᠡᠪᠠ᠃ ᠲᠡᠷᠡ᠂ ᠺᠣᠷᠢᠶᠠ ᠳᠤᠮᠳᠠᠳᠤ ᠬᠤᠶᠠᠷ ᠤᠯᠤᠰ ᠤᠨ ᠭᠠᠵᠠᠷ ᠨᠤᠲᠤᠭ ᠣᠶᠢᠷᠠᠯᠴᠠᠭ᠎ᠠ᠂ | ᠲᠡᠦᠬᠡ ᠰᠣᠶᠣᠯ ᠤᠨ ᠬᠤᠯᠪᠣᠭᠠᠰᠤ ᠶᠢᠨ ᠬᠠᠷᠢᠯᠴᠠᠭ᠎ᠠ ᠥᠨᠢ ᠤᠳᠠᠭᠠᠨ ᠶᠤᠮ᠃ 1992 ᠣᠨ ᠳᠤ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠲᠠᠯ᠎ᠠ ᠶᠢᠨ ᠤᠯᠤᠰ ᠲᠦᠷᠦ᠂ ᠠᠵᠤ ᠠᠬᠤᠢ᠂ ᠰᠣᠶᠣᠯ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠲᠠᠪᠠᠯᠳᠠᠳᠤ ᠮᠠᠶ᠋ᠢᠭ ᠢᠶᠠᠷ ᠬᠥᠭᠵᠢᠵᠦ᠂ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠲᠠᠰᠤᠷᠠᠯᠳᠠ ᠦᠭᠡᠢ ᠪᠠᠬᠢᠵᠢᠪᠡ᠃ ᠬᠤᠶᠠᠷ ᠤᠯᠤᠰ ᠤᠨ ᠵᠢᠯ ᠤᠨ | ᠠᠷᠠᠯᠵᠢᠶᠠᠨ ᠤ ᠬᠡᠮᠵᠢᠶ᠎ᠠ 50 ᠲᠠᠬᠢᠨ ᠰᠢᠬᠠᠮ ᠨᠡᠮᠡᠭᠳᠡᠵᠦ᠂ ᠬᠥᠮᠦᠰ ᠤᠨ ᠶᠠᠪᠤᠯᠴᠠᠭ᠎ᠠ ᠬᠡᠳᠦᠨ ᠠᠷᠪᠠᠨ ᠲᠠᠬᠢᠨ ᠨᠡᠮᠡᠭᠳᠡᠵᠦ᠂ | ᠡᠯᠪᠡᠭ ᠪᠠᠶᠠᠯᠢᠭ ᠰᠣᠶᠣᠯ ᠤᠨ ᠰᠣᠯᠢᠯᠴᠠᠭ᠎ᠠ ᠨᠢ ᠬᠤᠶᠠᠷ ᠤᠯᠤᠰ ᠤᠨ ᠠᠷᠠᠳ ᠢᠷᠭᠡᠳ ᠤᠨ ᠣᠶᠢᠯᠠᠭᠠᠯᠴᠠᠭ᠎ᠠ ᠶᠢ | ᠨᠡᠮᠡᠭᠳᠡᠭᠦᠯᠪᠡ᠃ ᠡᠨᠡ ᠨᠢ ᠭᠤᠣᠯᠳᠠᠭᠤ ᠬᠤᠶᠠᠷ ᠤᠯᠤᠰ ᠤᠨ ᠡᠯ᠎ᠡ ᠡᠲᠡᠭᠡᠳ ᠤᠨ ᠴᠢᠷᠮᠠᠶᠢᠯᠭ᠎ᠠ ᠪᠣᠯᠤᠨ ᠠᠷᠠᠳ | ᠢᠷᠬᠡᠤᠨ ᠤᠨ ᠳᠡᠮᠵᠢᠯᠭᠡ ᠠᠴᠠ ᠪᠣᠯᠤᠭᠰᠠᠨ ᠶᠤᠮ᠃ ᠪᠢ ᠲᠡᠷᠢᠭᠦᠯᠡᠭᠴᠢ ᠰᠢ ᠶᠢᠨ ᠫᠢᠩ ᠲᠠᠢ 3 ᠰᠠᠷ᠎ᠠ ᠶᠢᠨ 25 ᠤ ᠡᠳᠦᠷ | ᠤᠲᠠᠰᠤ ᠪᠠᠷ ᠶᠠᠷᠢᠯᠴᠠᠬᠤ ᠳᠠᠭᠠᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ | ᠲᠣᠬᠢᠶᠠᠯ ᠪᠣᠯᠭᠠᠵᠤ ᠺᠣᠷᠢᠶᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ | ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠬᠦ ᠵᠣᠷᠢᠭ | ᠰᠠᠨᠠᠭ᠎ᠠ ᠪᠠᠷ ᠰᠠᠭᠤᠷᠢ ᠪᠣᠯᠭᠠᠵᠤ᠂ ᠰᠢᠨ᠎ᠡ ᠬᠠᠮᠲᠤᠷᠠᠯᠴᠠᠭᠠᠨ ᠤ ᠴᠢᠭᠯᠡᠯ ᠢ ᠰᠦᠪᠡᠭᠴᠢᠯᠡᠵᠦ᠂ ᠬᠤᠶᠠᠷ ᠤᠯᠤᠰ ᠤᠨ | ᠬᠠᠷᠢᠯᠴᠠᠭ᠎ᠠ ᠶᠢᠨ ᠨᠡᠩ ᠪᠣᠯᠪᠠᠰᠤᠷᠠᠩᠭᠤᠢ ᠡᠷᠡᠭᠦᠯ ᠴᠢᠭᠯᠡᠯ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ | ᠡᠭᠦᠨ ᠤ ᠲᠤᠯᠠᠳᠠ᠂ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ | ᠬᠠᠩᠭᠠᠯᠭ᠎ᠠ ᠶᠢᠨ ᠬᠡᠯᠬᠢᠶ᠎ᠡ ᠵᠡᠷᠭᠡ ᠠᠵᠤ ᠠᠬᠤᠢ ᠶᠢᠨ ᠠᠮᠤᠷ ᠲᠦᠪᠰᠢᠨ ᠵᠢᠴᠢ ᠣᠷᠴᠢᠨ ᠲᠣᠭᠤᠷᠢᠨ᠂ ᠠᠭᠤᠷ | ᠠᠮᠢᠰᠬᠤᠯ ᠤᠨ ᠬᠤᠪᠢᠷᠠᠯᠲᠠ ᠵᠡᠷᠭᠡ ᠬᠦᠷᠢᠶᠡᠨ ᠳᠠᠬᠢ ᠮᠥᠨ ᠴᠢᠨᠠᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ | ᠤᠯᠤᠰ ᠤᠨ ᠠᠷᠠᠳ ᠢᠷᠭᠡᠳ ᠤᠨ ᠪᠡᠶ᠎ᠡ ᠪᠠᠷ ᠢᠶᠠᠨ ᠮᠡᠳᠡᠷᠡᠵᠦ ᠲᠡᠶᠢᠯᠬᠦ ᠦᠷ᠎ᠡ ᠪᠦᠲᠦᠭᠡᠯ ᠤᠯᠬᠤ ᠶᠢ ᠠᠬᠢᠭᠤᠯᠬᠤ ᠶᠢ | ᠬᠦᠰᠡᠵᠦ ᠪᠠᠶᠢᠨ᠎ᠠ᠃ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠨᠢ ᠬᠤᠶᠠᠷ | ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ | ᠬᠤᠭᠤᠷᠣᠨᠳᠣᠬᠢ ᠨᠥᠬᠦᠷᠯᠡᠯ ᠢ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠪᠣᠯᠤᠨ ᠺᠣᠷᠢᠶᠠ ᠶᠢᠨ | ᠲᠦᠷᠦ ᠶᠢᠨ ᠶᠠᠪᠤᠳᠠᠯ ᠤᠨ ᠶᠡᠷᠦᠩᠬᠡᠢ ᠰᠠᠶᠢᠳ ᠬᠠᠨ ᠳ᠋ᠧ ᠵᠦ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ | ᠺᠧ ᠴᠢᠶᠠᠩ᠂ ᠳᠤᠮᠳᠠᠳᠤ ᠺᠣᠷᠢᠶᠠ ᠪᠣᠯ ᠰᠢᠯᠵᠢᠵᠦ ᠪᠤᠯᠤᠰᠢ ᠦᠭᠡᠢ ᠡᠭᠦᠷᠢᠳᠡ ᠶᠢᠨ ᠬᠥᠷᠰᠢ᠂ ᠮᠥᠨᠴᠦ ᠰᠠᠯᠵᠤ ᠪᠣᠯᠤᠰᠢ | ᠦᠭᠡᠢ ᠬᠠᠮᠲᠤᠷᠠᠯᠴᠠᠭᠠᠨ ᠤ ᠬᠠᠨᠢᠲᠠᠨ ᠮᠥᠨ᠃ ᠳᠤᠮᠳᠠᠳᠤ ᠤᠯᠤᠰ ᠳᠤᠷᠠᠲᠠᠶ᠎ᠠ ᠺᠣᠷᠢᠶᠠ ᠲᠠᠢ ᠬᠠᠮᠲᠤ ᠪᠠᠷ᠂ ᠬᠠᠷᠢᠯᠴᠠᠭ᠎ᠠ | ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ | ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠺᠣᠷᠢᠶᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠨᠡᠩ ᠶᠡᠭᠡ | ᠰᠢᠨ᠎ᠡ ᠠᠮᠵᠢᠯᠲᠠ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠠ᠃ ᠬᠠᠨ ᠳ᠋ᠧ ᠵᠤ᠋᠂ ᠺᠣᠷᠢᠶᠠ ᠶᠢᠨ ᠰᠢᠨ᠎ᠡ | ᠵᠠᠰᠠᠭ ᠤᠨ ᠣᠷᠳᠣᠨ ᠪᠠᠶᠢᠭᠤᠯᠤᠭᠳᠠᠭᠰᠠᠨ ᠠᠴᠠ ᠨᠠᠭᠠᠰᠢ ᠺᠣᠷᠢᠶᠠ ᠳᠤᠮᠳᠠᠳᠤ ᠬᠤᠶᠠᠷ ᠤᠯᠤᠰ ᠨᠢᠭᠲᠠ ᠤᠯᠤᠯᠴᠠᠭ᠎ᠠ | ᠰᠣᠯᠢᠯᠴᠠᠭ᠎ᠠ ᠪᠠᠨ ᠪᠠᠲᠤᠯᠠᠭᠰᠠᠭᠠᠷ ᠢᠷᠡᠵᠡᠶ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠤᠯᠠᠮ | ᠴᠢᠨᠠᠭᠰᠢᠳᠠ ᠬᠥᠭᠵᠢᠭᠡᠵᠦ᠂ ᠬᠠᠩᠭᠠᠯᠭ᠎ᠠ ᠶᠢᠨ ᠬᠡᠯᠬᠢᠶ᠎ᠡ᠂ ᠰᠣᠶᠣᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠤᠨ | ᠬᠤᠶᠠᠳᠤᠭᠠᠷ ᠱᠠᠲᠤᠨ ᠤ ᠬᠡᠯᠡᠯᠴᠡᠭᠡ ᠶᠢ ᠲᠦᠷᠭᠡᠳᠭᠡᠨ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠰᠠᠶᠢᠨ | ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ | | |