ᠰᠢ ᠶᠢᠨ ᠫᠢᠩ ᠲᠠᠪᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2022/8/30
     8 ᠰᠠᠷ᠎ᠠ ᠶᠢᠨ 25᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠪᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃     ᠰᠢ ᠶᠢᠨ ᠫᠢᠩ᠂ ᠳᠤᠮᠳᠠᠳᠤ ᠤᠯᠤᠰ ᠪᠣᠯᠤᠨ ᠠᠹᠷᠢᠺᠠ ᠲᠢᠪ ᠤᠨ ᠤᠯᠤᠰ ᠤᠳ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠢᠨ ᠢᠲᠡᠭᠡᠯᠴᠡᠭᠡ ᠬᠠᠮᠲᠤᠷᠠᠯᠴᠠᠭ᠎ᠠ ᠪᠠᠨ ᠨᠡᠮᠡᠭᠳᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠳᠠᠭ᠃ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠷᠪᠠᠨ ᠵᠢᠯ ᠤᠨ ᠲᠤᠷᠰᠢ᠂ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠴᠢᠬᠤᠯᠠ ᠲᠠᠪᠴᠠᠩ ᠬᠠᠩᠭᠠᠵᠤ᠂ ᠳᠤᠮᠳᠠᠳᠤ ᠠᠹᠷᠢᠺᠠ ᠶᠢᠨ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠠᠬᠢᠭᠤᠯᠬᠤ᠂ ᠳᠤᠮᠳᠠᠳᠤ ᠠᠹᠷᠢᠺᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠢᠨ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠠᠬᠢᠭᠤᠯᠤᠬᠴᠢ᠂ ᠲᠥᠪ ᠭᠤᠣᠯᠴᠢ ᠰᠢᠳᠤᠷᠭᠤ ᠶᠣᠰᠣᠨ ᠤ ᠰᠠᠬᠢᠨ ᠪᠠᠷᠠᠯᠠᠬᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠠᠬᠢᠭᠤᠯᠤᠬᠴᠢ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠦᠯᠢᠭᠡᠷ ᠢ ᠬᠠᠮᠲᠤ ᠪᠠᠷ ᠰᠠᠶᠢᠲᠤᠷ ᠶᠠᠷᠢᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠤᠯᠠᠮᠵᠢᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃     ᠲᠠᠪᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠲᠤᠰ ᠡᠳᠦᠷ ᠪᠡᠭᠡᠵᠢᠩ ᠳᠤ ᠶᠠᠪᠤᠭᠳᠠᠵᠤ᠂ ︽ᠰᠢᠨ᠎ᠡ ᠬᠦᠰᠡᠯ ᠰᠢᠨ᠎ᠡ ᠬᠥᠭᠵᠢᠯᠲᠡ ᠰᠢᠨ᠎ᠡ ᠬᠠᠮᠲᠤᠷᠠᠯᠴᠠᠭ᠎ᠠ︾᠎ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠠᠹᠷᠢᠺᠠ ᠲᠢᠪ ᠤᠨ ᠷᠠᠳᠢᠣ᠋ ᠨᠡᠪᠲᠡᠷᠡᠭᠦᠯᠭᠡ ᠶᠢᠨ ᠬᠤᠯᠪᠣᠭ᠎ᠠ ᠠᠴᠠ ᠬᠠᠮᠲᠤ ᠪᠠᠷ ᠭᠤᠣᠯᠯᠠᠨ ᠡᠷᠬᠢᠯᠡᠪᠡ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1