ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤᠤᠷ᠎ᠠ ᠹᠯᠥᠷᠲᠤ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/8/5
     ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠡᠪ ᠤᠨ ᠴᠠᠢ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠳᠤᠤᠷ᠎ᠠ ᠹᠯᠣᠷᠲᠣ ᠬᠡᠪ ᠤᠨ ᠴᠠᠢ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠠᠷᠠᠳ ᠣᠯᠡᠨ ᠤ ᠤᠤᠭᠤᠬᠤ  ᠴᠠᠢ ᠶᠢᠨ ᠠᠮᠤᠷ ᠲᠦᠪᠰᠢᠨ ᠢ ᠪᠠᠲᠤᠯᠠᠪᠠ᠃
1_副本.jpg
         ᠲᠤᠰ ᠤᠳᠠᠭᠠᠨ ᠤ ᠲᠤᠰᠬᠠᠢ ᠪᠠᠶᠢᠴᠠᠭᠠᠯᠲᠠ ᠨᠢ ᠬᠠᠷᠢᠶᠠᠲᠤ ᠣᠷᠣᠨ ᠤ ᠪᠣᠳᠠᠲᠤ ᠪᠠᠶᠢᠳᠠᠯ ᠎ ᠲᠠᠢ ᠤᠶᠠᠯᠳᠤᠭᠤᠯᠤᠨ᠂ ᠬᠠᠷᠢᠶᠠᠲᠤ ᠣᠷᠣᠨ ᠤ ᠴᠠᠢ ᠶᠢᠨ ᠲᠤᠰᠬᠠᠢ ᠬᠤᠳᠠᠯᠳᠤᠭ᠎ᠠ ᠂ ᠦᠨᠳᠦᠰᠦᠲᠡᠨ ᠤ ᠢᠳᠡᠭᠡᠨ ᠤ ᠲᠤᠰᠬᠠᠢ ᠬᠤᠳᠠᠯᠳᠤᠭ᠎ᠠ ᠂ ᠲᠣᠮᠣ ᠳᠤᠮᠳᠠ ᠵᠢᠵᠢᠭ ᠬᠡᠯᠪᠡᠷᠢ ᠶᠢᠨ ᠴᠢᠯᠦᠭᠡᠲᠦ ᠳᠡᠯᠭᠡᠭᠦᠷ ᠢᠶᠠᠷ ᠭᠤᠣᠯᠳᠠᠯᠭ᠎ᠠ ᠪᠣᠯᠭᠠᠵᠤ ᠂ ᠬᠡᠪ ᠤᠨ ᠴᠠᠢ ᠶᠢᠨ ᠡᠵᠡᠩᠨᠡᠭᠴᠢ ᠳᠤ ᠬᠤᠯᠪᠣᠭᠳᠠᠯ ᠪᠦᠬᠦᠢ ᠦᠨᠡᠮᠯᠡᠯ ᠪᠠᠶᠢᠬᠤ ᠡᠰᠡᠬᠦ ᠂ ᠬᠤᠳᠠᠯᠳᠤᠵᠤ ᠪᠠᠶᠢᠭ᠎ᠠ ᠬᠡᠪ ᠤᠨ ᠴᠠᠢ ᠎ ᠨᠢ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ ᠪᠠᠶᠢᠬᠤ ᠡᠰᠡᠬᠦ ᠂ ᠱᠣᠰᠢᠭ᠎ᠠ ᠲᠡᠮᠳᠡᠭ ᠨᠢ ᠵᠢᠷᠤᠮᠵᠢᠯ ᠲᠠᠢ ᠪᠦᠷᠢᠨ ᠪᠦᠲᠦᠨ ᠪᠠᠶᠢᠬᠤ ᠡᠰᠡᠬᠦ ᠂ ᠲᠣᠭᠲᠠᠭᠠᠯ ᠢ ᠵᠥᠷᠢᠴᠡᠨ ᠪᠣᠷᠤᠯᠠᠭᠤᠯᠬᠤ ᠪᠠ ᠬᠠᠭᠤᠷᠮᠠᠭ ᠨᠠᠪᠴᠢᠨ ᠴᠠᠢ᠂ ᠬᠡᠪ ᠤᠨ ᠴᠠᠢ ᠵᠢᠴᠢ ᠲᠡᠭᠦᠨ ᠤ ᠲᠦᠭᠦᠬᠡᠢ ᠮᠠᠲ᠋ᠧᠷᠢᠶᠠᠯ ᠢ ᠥᠢᠯᠡᠳᠦᠨ ᠪᠣᠷᠤᠯᠠᠭᠤᠯᠬᠤ ᠵᠡᠷᠭᠡ ᠠᠵᠢᠯᠯᠠᠭ᠎ᠠ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ ᠂ ᠬᠡᠪ ᠤᠨ ᠴᠠᠢ ᠶᠢᠨ ᠡᠵᠡᠩᠨᠡᠭᠴᠢ ᠶᠢ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠳᠤ ᠪᠠᠨ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ ᠃
2_副本.jpg
         ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠪᠥᠬᠦ ᠲᠤᠭᠤᠷᠢᠭ ᠤᠨ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠤᠨ ᠪᠦᠲᠦᠴᠡ ᠪᠠ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠤᠨ ᠲᠠᠷᠬᠠᠯᠲᠠ ᠶᠢᠨ ᠪᠠᠶᠢᠳᠠᠯ᠂ ᠪᠣᠷᠤᠯᠠᠭᠤᠯᠭ᠎ᠠ ᠶᠢᠨ ᠵᠠᠮ ᠮᠥᠷ ᠪᠠ ᠬᠡᠷᠡᠭᠯᠡᠭᠡᠨ ᠤ ᠬᠢᠷᠢ ᠲᠦᠪᠰᠢᠨ ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠰᠢᠭᠰᠡᠨ ᠪᠠᠶᠢᠨ᠎ᠠ᠃ ᠡᠨᠡ ᠤᠳᠠᠭᠠᠨ ᠤ ᠲᠤᠰᠬᠠᠢ ᠠᠵᠢᠯᠯᠠᠭ᠎ᠠ ᠳᠤ᠂ ᠲᠣᠰ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 108 ᠡᠭᠡᠯᠵᠢ ᠬᠥᠳᠡᠯᠭᠡᠵᠦ᠂ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠡᠵᠡᠩᠨᠡᠭᠴᠢ ᠶᠢ 36 ᠡᠭᠡᠯᠵᠢ ᠪᠠᠶᠢᠴᠠᠭᠠᠪᠠ᠃ ᠪᠠᠶᠢᠴᠠᠭᠠᠭᠰᠠᠨ ᠤ ᠳ᠋ᠦᠩ ᠳᠤ᠂ ᠬᠠᠷᠢᠶᠠᠲᠤ ᠣᠷᠤᠨ ᠤ ᠬᠡᠪ ᠤᠨ ᠴᠠᠢ ᠪᠣᠷᠣᠯᠠᠭᠤᠯᠬᠤ ᠡᠵᠡᠩᠨᠡᠯᠲᠡ ᠶᠢᠨ ᠨᠢᠭᠡᠴᠢ ᠶᠢᠨ ᠪᠣᠷᠣᠯᠠᠭᠤᠯᠵᠤ ᠪᠠᠶᠢᠭ᠎ᠠ ᠬᠡᠪ ᠤᠨ ᠴᠠᠢ ᠨᠢ ᠴᠥᠮ ᠡᠩ ᠤᠨ ᠬᠡᠪ ᠤᠨ ᠴᠠᠢ ᠪᠠᠶᠢᠵᠤ᠂ ᠳᠤᠤᠷ᠎ᠠ ᠹᠯᠥᠷᠲᠤ ᠬᠡᠪ ᠤᠨ ᠴᠠᠢ ᠥᠭᠡᠢ ᠪᠠᠶᠢᠬᠤ ᠶᠢ ᠣᠯᠵᠦ ᠮᠡᠳᠡᠪᠡ᠃ ᠲᠣᠰ ᠲᠣᠪᠴᠢᠶ᠎ᠠ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠨᠢᠭᠡᠨᠲᠡ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠳᠣᠣᠷ᠎ᠠ ᠹᠯᠥᠷᠲᠤ ᠬᠡᠪ ᠤᠨ ᠴᠠᠢ ᠪᠣᠷᠤᠯᠠᠭᠤᠯᠬᠤ ᠪᠠᠷ ᠲᠣᠭᠲᠠᠭᠠᠭᠰᠠᠨ ᠡᠵᠡᠩᠨᠡᠯᠲᠡ ᠶᠢᠨ ᠨᠢᠭᠡᠴᠢ ᠶᠢ ᠰᠣᠩᠭᠤᠵᠤ᠂ ᠳᠤᠤᠷ᠎ᠠ ᠹᠯᠣᠷᠲᠤ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠲᠤᠰᠬᠠᠢ ᠣᠷᠤᠨ ᠪᠠᠶᠢᠷᠢ ᠭᠠᠷᠭᠠᠬᠤ ᠶᠢ ᠵᠣᠷᠢᠭᠵᠢᠭᠤᠯᠪᠠ᠃     ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠨᠢ ᠬᠡᠪ ᠤᠨ ᠴᠠᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠣᠯᠡᠮ ᠴᠢᠩᠭᠠᠷᠠᠭᠤᠯᠤᠨ᠂ ᠰᠤᠭᠤᠴᠢᠨ ᠪᠠᠶᠢᠴᠠᠭᠠᠬᠤ ᠂ ᠬᠦᠷᠭᠡᠵᠦ ᠪᠠᠶᠢᠴᠠᠭᠠᠬᠤ᠂ ᠬᠢᠨᠠᠨ ᠰᠢᠯᠭᠠᠬᠤ ᠨᠢᠭᠲᠠᠴᠠ ᠪᠣᠯᠣᠨ ᠲᠤᠭ᠎ᠠ ᠎ ᠪᠠᠨ ᠨᠡᠮᠡᠭᠳᠡᠭᠦᠯᠵᠦ ᠂ ᠱᠠᠭᠠᠷᠳᠠᠯᠭ᠎ᠠ ᠳᠤ ᠬᠦᠷᠬᠦ ᠦᠭᠡᠢ ᠂ ᠲᠠᠷᠢᠶᠠᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ ᠂ ᠬᠦᠨᠳᠦ ᠲᠡᠮᠦᠷᠯᠢᠭ ᠪᠠᠷᠢᠮᠵᠢᠶ᠎ᠠ ᠎ ᠠᠴᠠ ᠬᠡᠲᠦᠷᠡᠭᠰᠡᠨ ᠂ ᠬᠤᠭᠤᠴᠠᠭ᠎ᠠ ᠎ ᠨᠢ ᠬᠡᠲᠦᠷᠡᠭᠡᠳ ᠴᠢᠨᠠᠷ ᠎ ᠨᠢ ᠬᠤᠪᠢᠷᠠᠭᠰᠠᠨ ᠴᠠᠢ ᠎ ᠶᠢ ᠡᠵᠡᠩᠨᠡᠬᠦ ᠵᠡᠷᠭᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠂ ᠵᠡᠭᠦᠯᠲᠡ ᠬᠠᠳᠠᠭᠰᠠᠨ ᠨᠢ ᠵᠢᠷᠤᠮᠵᠢᠯ ᠦᠭᠡᠢ ᠂ ᠬᠠᠮᠢᠶᠠᠷᠤᠯᠲᠠ ᠎ ᠨᠢ ᠪᠠᠷᠢᠮᠵᠢᠶ᠎ᠠ ᠳᠤ ᠬᠥᠷᠬᠦ ᠦᠭᠡᠢ ᠵᠡᠷᠭᠡ ᠪᠠᠶᠢᠳᠠᠯ ᠳᠤ ᠴᠢᠩᠭ᠎ᠠ ᠴᠣᠬᠢᠯᠲᠠ ᠥᠭᠬᠦ ᠪᠣᠯᠤᠨ᠎ᠠ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1