| | 8 ᠰᠠᠷ᠎ᠠ ᠶᠢᠨ 2 ᠤᠨ ᠡᠳᠦᠷ᠂ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠶᠠᠩ ᠾᠥᠢ ᠮᠢᠨ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ | ᠢᠷᠡᠵᠦ ᠰᠤᠷᠭᠠᠨ ᠬᠥᠮᠦᠵᠢᠯ ᠤᠨ ᠰᠤᠷᠠᠭ ᠵᠠᠩᠭᠢᠵᠢᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ᠂ ᠲᠣᠭᠤᠷᠢᠭ ᠤᠨ | ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠶᠢᠨ ᠮᠢᠩ᠂ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | | ᠶᠠᠷᠢᠯᠴᠠᠬᠤ ᠬᠤᠷᠠᠯ ᠳᠡᠭᠡᠷ᠎ᠡ ᠂ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶᠠᠨ ᠤ | ᠬᠠᠷᠢᠭᠤᠴᠠᠯᠭᠠᠲᠠᠨ ᠠᠴᠠ ᠺᠠᠶᠢᠯᠤ ᠰᠢᠶᠠᠨ ᠤ ᠰᠢᠨᠵᠢᠯᠡᠨ ᠪᠠᠶᠢᠴᠠᠭᠠᠬᠤ ᠪᠦᠯᠬᠦᠮ ᠳᠤ ᠶᠤᠸᠠᠨ ᠪᠦᠦ ᠱᠠᠨ | ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠪᠣᠯᠣᠨ ᠰᠤᠷᠭᠠᠨ ᠬᠥᠮᠦᠵᠢᠯ ᠤᠨ ᠰᠤᠷᠠᠭ | ᠵᠠᠩᠭᠢᠵᠢᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠪᠣᠯᠣᠨ ᠰᠡᠳᠬᠢᠮᠵᠢ ᠪᠠᠨ ᠲᠠᠨᠢᠯᠴᠠᠭᠤᠯᠤᠭᠰᠠᠨ ᠪᠥᠭᠡᠳ | ᠦᠢᠯᠡᠳᠬᠦᠨ ᠤ ᠦᠵᠡᠭᠦᠯᠦᠯᠭᠡ ᠪᠣᠯᠣᠨ ᠲᠠᠶᠢᠯᠤᠮᠵᠢ ᠬᠢᠵᠡᠢ ᠃ ᠳᠠᠷᠠᠭ᠎ᠠ ᠨᠢ ᠂ ᠰᠢᠨᠵᠢᠯᠡᠨ ᠪᠠᠶᠢᠴᠠᠭᠠᠬᠤ ᠪᠦᠯᠬᠦᠮ ᠤᠨ | ᠬᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠰᠦᠯᠵᠢᠶᠡᠨ ᠤ ᠲᠥᠪ ᠤᠨ ᠮᠠᠰᠢᠨ ᠤ ᠥᠷᠦᠭᠡ | ᠪᠣᠯᠣᠨ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠲᠣᠭᠠᠴᠢᠯᠠᠭᠰᠠᠨ ᠲᠤᠷᠰᠢᠯᠲᠠ ᠶᠢᠨ | ᠲᠠᠰᠤᠭ ᠢ ᠲᠣᠭᠤᠷᠢᠨ ᠦᠵᠡᠪᠡ ᠃ | | | | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ | ᠰᠤᠷᠠᠭ ᠵᠠᠩᠭᠢᠵᠢᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠣᠰ ᠪᠡᠶ᠎ᠡ ᠶᠢᠨ ᠪᠣᠳᠠᠲᠠᠢ ᠪᠠᠶᠢᠳᠠᠯ | ᠲᠠᠢ ᠪᠠᠨ ᠤᠶᠠᠯᠳᠤᠭᠤᠯᠤᠨ᠂ ᠬᠢᠨᠠᠮᠠᠭᠠᠢ ᠰᠤᠷᠤᠯᠴᠠᠨ ᠯᠠᠪᠯᠠᠯᠲᠠ ᠪᠣᠯᠭᠠᠨ᠎ᠠ ᠭᠡᠵᠦ ᠢᠯᠡᠷᠬᠡᠶᠢᠯᠡᠭᠰᠡᠨ ᠪᠥᠭᠡᠳ ᠬᠤᠶᠠᠷ | ᠭᠠᠵᠠᠷ ᠤᠨ ᠬᠢᠨ ᠰᠤᠷᠭᠠᠨ ᠬᠥᠮᠦᠵᠢᠯ ᠤᠨ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ | ᠥᠢᠯᠠᠭᠠᠯᠴᠠᠭᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠵᠢᠯ ᠢᠶᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ | ᠬᠦᠰᠡᠵᠦ ᠪᠠᠶᠢᠨ᠎ᠠ ᠭᠡᠵᠡᠢ᠃ | | |