ᠶᠤᠸᠠᠨ ᠪᠦᠦ ᠱᠠᠨ ᠲᠣᠭᠤᠷᠢᠭ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 4᠎ ᠤ ᠡᠳᠦᠷ᠂ ᠶᠤᠸᠠᠨ ᠪᠦᠦ ᠱᠠᠨ ᠲᠣᠭᠤᠷᠢᠭ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ  ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠡᠯ᠎ᠡ ᠵᠡᠭᠡᠯᠢ ᠭᠤᠳᠤᠮᠵᠢ ᠶᠢᠨ ᠨᠠᠮ ᠤᠨ   ᠠᠵᠢᠯᠯᠠᠬᠤ ᠬᠤᠷᠢᠶᠠᠨ ᠤ ᠳᠡᠳ᠋ ᠱᠦᠵᠢ ᠂ ᠤᠬᠠᠭᠤᠯᠬᠤ ᠭᠡᠰᠢᠭᠦᠨ ᠂ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ  ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠣᠨ ᠪᠣᠳᠠᠲᠠᠢ ᠠᠵᠢᠯ ᠢ ᠭᠠᠷᠳᠠᠨ ᠭᠦᠢᠴᠡᠳᠬᠡᠭᠴᠢᠳ ᠬᠤᠷᠠᠯ ᠳᠤ ᠣᠷᠣᠯᠴᠠᠪᠠ ᠃
1_副本.jpg
         ᠬᠤᠷᠠᠯ ᠠᠴᠠ ︽ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠬᠢᠨᠠᠨ ᠦᠨᠡᠯᠡᠬᠦ ᠰᠢᠰᠲ᠋ᠧᠮ︾᠎ ᠢ ᠣᠩᠰᠢᠨ ᠲᠠᠶᠢᠯᠪᠤᠷᠢᠯᠠᠪᠠ᠃
2_副本.jpg
         ᠬᠤᠷᠠᠯ ᠠᠴᠠ᠂ ᠡᠯ᠎ᠡ ᠨᠢᠭᠡᠴᠢ ᠨᠦᠭᠦᠳ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠥᠨᠡᠨ ᠬᠦ ᠴᠢᠩᠭᠠᠷᠠᠭᠤᠯᠬᠤ ᠬᠡᠷᠡᠭᠲᠡᠢ᠃ ᠠᠵᠢᠯ ᠎ ᠤᠨ ᠭᠤᠣᠯᠳᠠᠯᠭ᠎ᠠ ᠎ ᠶᠢ ᠲᠣᠪᠤᠶᠢᠯᠭᠠᠨ ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠨᠠᠰᠤᠨ ᠳᠤ ᠥᠯᠥ ᠬᠥᠷᠥᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠎ ᠤᠨ ᠡᠯ᠎ᠡ ᠵᠦᠢᠯ ᠎ ᠤᠨ ᠡᠭᠦᠷᠭᠡ ᠶᠢ ᠭᠢᠯᠠᠯᠵᠠᠮ᠎ᠠ ᠪᠡᠶᠡᠯᠡᠭᠦᠯᠬᠦ ᠬᠡᠷᠡᠭᠲᠡᠢ ᠃ ᠴᠤᠭᠭᠠᠷ ᠠᠳᠬᠤᠨ ᠬᠠᠮᠲᠤᠪᠠᠷ ᠬᠠᠮᠢᠶᠠᠷᠴᠤ ᠂ ᠬᠠᠮᠲᠤᠷᠠᠯ ᠬᠦᠴᠦᠨ ᠢ ᠪᠦᠷᠢᠯᠳᠦᠭᠦᠯᠦᠨ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠴᠢᠷᠮᠠᠶᠢᠨ ᠬᠢᠵᠦ ᠂ ᠰᠠᠨᠠᠭᠠᠴᠢᠯᠠᠭ᠎ᠠ ᠠᠴᠠ ᠪᠠᠨ  ᠬᠥᠳᠡᠯᠦᠨ ᠪᠣᠳᠠᠲᠠᠢ ᠠᠵᠢᠯᠯᠠᠵᠤ ᠂ ᠶᠤᠸᠠᠨ ᠪᠦᠦ ᠱᠠᠨ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠰᠢᠨ᠎ᠡ ᠬᠡᠪ ᠪᠠᠶᠢᠳᠠᠯ ᠢ ᠴᠢᠷᠮᠠᠶᠢᠨ ᠡᠭᠦᠳᠴᠦ ᠂ ᠰᠢᠯᠢᠳᠡᠭ ᠬᠢᠷᠢ ᠪᠦᠲᠥᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ  ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1