ᠶᠤᠸᠠᠨ ᠪᠦᠦ ᠱᠠᠨ ᠲᠣᠭᠤᠷᠢᠭ ᠤᠨ ᠣᠯᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/8/9
     8 ᠰᠠᠷ᠎ᠠ ᠶᠢᠨ 7᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠨᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠳᠠᠮᠠᠭᠢᠨ ᠤ ᠲᠤᠰᠬᠠᠢ ᠬᠤᠳᠠᠯᠳᠤᠭᠠᠨ ᠤ ᠲᠣᠪᠴᠢᠶ᠎ᠠ ᠲᠠᠢ ᠬᠠᠮᠲᠤᠷᠠᠨ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠎ ᠤ ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠦ᠂ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠰᠤᠭᠤᠭ ᠢ ᠴᠠᠭ ᠲᠤᠬᠠᠢ ᠳᠤᠨᠢ ᠢᠯᠡᠷᠡᠭᠦᠯᠦᠨ ᠠᠷᠢᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠪᠡ᠃
1_副本.jpg
         ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠎ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠎ ᠪᠠᠷ ᠭᠤᠣᠯᠳᠠᠯᠭ᠎ᠠ  ᠪᠣᠯᠭᠠᠪᠠ᠄ ᠨᠢᠭᠡ ᠳᠤ ᠂ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ  ᠡᠵᠡᠩᠨᠡᠯᠲᠡ ᠶᠢᠨ ᠡᠷᠦᠬᠡ ᠶᠢᠨ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠭᠠᠷ ᠭᠦᠢᠴᠡᠳᠬᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ ᠦᠵᠡᠭᠳᠡᠯ ᠣᠷᠣᠰᠢᠵᠤ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠭᠡᠷᠡᠴᠢ ᠨᠢ ᠬᠥᠴᠦᠨ ᠲᠠᠢ ᠬᠤᠭᠤᠴᠠᠭᠠᠨ ᠎ ᠳᠤ ᠪᠠᠨ ᠪᠠᠶᠢᠬᠤ ᠡᠰᠡᠬᠦ᠂ ᠭᠡᠷᠡᠴᠢ ᠪᠠᠷᠢᠮᠲᠠ ᠠᠪᠤᠭᠰᠠᠨ ᠨᠢ ᠪᠦᠷᠢᠨ ᠭᠦᠢᠴᠡᠳ ᠪᠠᠶᠢᠬᠤ ᠡᠰᠡᠬᠦ᠂ ᠢᠳᠡᠭᠡᠨ ᠤ ᠪᠣᠭᠤᠳᠠᠯ ᠵᠢᠴᠢ ᠢᠳᠡᠭᠡᠨ ᠢ ᠬᠠᠳᠠᠭᠠᠯᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠬᠤ︔ ᠬᠤᠶᠠᠷ ᠲᠤ ᠂ ︽ ᠭᠤᠷᠪᠠᠨ ᠥᠭᠡᠢ︾᠂ ᠬᠤᠭᠤᠴᠠᠭ᠎ᠠ ᠨᠢ ᠬᠡᠲᠦᠷᠡᠭᠰᠡᠨ᠂ ᠢᠯᠵᠢᠷᠡᠵᠦ ᠴᠢᠨᠠᠷ ᠎ ᠨᠢ ᠬᠤᠪᠢᠷᠠᠭᠰᠠᠨ ᠢᠳᠡᠭᠡᠨ ᠤ ᠵᠦᠢᠯ ᠢ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ︔ ᠭᠤᠷᠪᠠ ᠳᠤ ᠂ ᠡᠵᠡᠩᠨᠡᠯᠲᠡ ᠶᠢᠨ ᠲᠠᠯᠠᠪᠤᠷ ᠤᠨ ᠬᠠᠷᠠᠭᠠᠨ ᠢᠯᠡ ᠭᠠᠵᠠᠷ ᠎ ᠲᠤ ︽ ᠨᠠᠰᠤᠨ ᠳᠤ ᠥᠯᠥ ᠬᠦᠷᠦᠭᠰᠡᠳ ᠲᠤ ᠠᠷᠢᠬᠢ ᠲᠠᠮᠠᠬᠢ ᠬᠤᠳᠠᠯᠳᠤᠬᠤ ᠶᠢ ᠴᠠᠭᠠᠵᠠᠯᠠᠨ᠎ᠠ︾ ᠭᠡᠬᠦ ᠤᠬᠠᠭᠤᠯᠭ᠎ᠠ ᠵᠢᠨ‌ᠦᠭᠡ  ᠨᠠᠭᠠᠭᠠᠯᠭᠠᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ 200 ᠮᠧᠲᠷ ᠤᠨ ᠳᠣᠲᠣᠷᠠᠬᠢ ᠢᠳᠡᠭᠡᠨ ᠤ   ᠡᠵᠡᠩᠨᠡᠯᠲᠡ ᠶᠢᠨ ᠡᠷᠦᠬᠡ ᠶᠢ ᠲᠠᠮᠠᠬᠢ ᠬᠤᠳᠠᠯᠳᠤᠵᠤ ᠪᠣᠯᠬᠤ ᠦᠭᠡᠢ ᠭᠡᠵᠦ ᠱᠠᠭᠠᠷᠳᠠᠬᠤ ︔ ᠳᠥᠷᠪᠡ ᠳᠤ ᠂ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠡᠷᠦᠬᠡ ᠳᠤ ᠤᠬᠠᠭᠤᠯᠭ᠎ᠠ ᠶᠢᠨ ᠡᠷᠴᠢᠮ ᠎ ᠢᠶᠠᠨ ᠴᠢᠩᠭᠠᠷᠠᠭᠤᠯᠵᠤ᠂ ᠡᠵᠡᠩᠨᠡᠯᠲᠡ ᠶᠢᠨ ᠡᠷᠦᠬᠡ ᠶᠢᠨ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠶᠣᠰᠣᠨ ᠤ ᠡᠵᠡᠩᠨᠡᠯᠲᠡ ᠶᠢᠨ ᠤᠬᠠᠮᠰᠠᠷ ᠢ ᠎ ᠨᠢ ᠳᠡᠭᠡᠭᠰᠢᠯᠡᠭᠦᠯᠦᠨ᠂ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠎ ᠨᠢ ᠳᠡᠭᠡᠭᠰᠢᠯᠡᠭᠦᠯᠬᠦ︔ ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 18 ᠡᠭᠡᠯᠵᠢ ᠬᠥᠳᠡᠯᠭᠡᠵᠦ᠂ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠡᠷᠦᠬᠡ ᠶᠢ ᠨᠡᠶᠢᠲᠡ 23 ᠭᠠᠵᠠᠷ ᠪᠠᠶᠢᠴᠠᠭᠠᠯᠲᠠ ᠬᠢᠭᠰᠡᠨ ᠪᠠᠶᠢᠨ᠎ᠠ᠃
2_副本.jpg
         ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠨᠢ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢ  ᠴᠣᠭᠴᠠᠯᠠᠨ ᠪᠠᠶᠢᠭᠤᠯᠬᠤ ᠬᠠᠮᠤᠭ ᠤᠨ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠳᠦᠷ ᠲᠤᠲᠤᠮ ᠤᠨ ᠪᠠᠶᠢᠴᠠᠭᠠᠯᠲᠠ ᠬᠢᠭᠡᠳ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠡᠷᠦᠬᠡ ᠶᠢᠨ ᠬᠠᠤᠯᠢ ᠲᠣᠭᠲᠠᠭᠠᠯ ᠎ ᠢ ᠵᠥᠷᠢᠴᠡᠨ ᠡᠵᠡᠩᠨᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠪᠦᠬᠦᠯᠢ ᠴᠣᠭᠴᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ  ᠰᠡᠷᠭᠡᠶᠢᠯᠡᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1