ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/9/10
    ᠣᠳᠣᠬᠠᠨ ᠤ ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠪᠠᠯᠢᠳᠠᠵᠤ ᠰᠠᠨᠳᠤᠷᠬᠤ ᠠᠴᠠ ᠵᠠᠶᠢᠯᠠᠰᠬᠢᠬᠦ ᠶᠢᠨ ᠲᠥᠯᠥᠭᠡ᠂ ᠡᠳᠦᠭᠡ ᠶᠤᠸᠠᠨ ᠪᠦᠦ ᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠮᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠳᠠᠯ ᠵᠢᠴᠢ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄    ᠪᠥᠬᠦ ᠬᠤᠲᠠ ᠶᠢᠨ ᠬᠢᠵᠢᠭ ᠤᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠲᠣᠭᠤᠷᠢᠭ 9 ᠰᠠᠷ᠎ᠠ ᠶᠢᠨ 6᠎ ᠤ ᠡᠳᠦᠷ ᠠᠴᠠ ᠡᠬᠢᠯᠡᠨ᠂ ᠪᠦᠬᠦ ᠹᠧᠩ ᠱᠦᠢ ᠭᠧᠦ ᠪᠠᠯᠭᠠᠰᠤᠨ ᠤ ᠬᠡᠪᠴᠢᠶ᠎ᠡ ︵ᠹᠧᠩ ᠱᠦᠢ ᠭᠧᠦ ᠨᠡᠭᠦᠷᠡᠰᠦᠨ ᠠᠭᠤᠷᠬᠠᠢ᠂ ᠯᠣᠣ ᠬᠥᠩ ᠶᠢᠩᠽᠢ ᠨᠡᠭᠦᠷᠡᠰᠦᠨ ᠠᠭᠤᠷᠬᠠᠢ ᠎ ᠶᠢ ᠪᠠᠭᠲᠠᠭᠠᠨ᠎ᠠ︶᠂ ᠶᠤᠸᠠᠨ ᠪᠦᠦ ᠱᠠᠨ ᠪᠠᠯᠭᠠᠰᠤᠨ ᠤ ᠴᠠᠩ ᠱᠧᠩ ᠲᠣᠰᠬᠤᠨ᠂ ᠨᠠᠨ ᠬᠤᠸᠠᠩ ᠲᠣᠰᠬᠤᠨ᠂ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ᠂ ᠵᠢᠶᠠᠨ ᠴᠠᠩ ᠶᠢᠩ ᠨᠡᠭᠦᠷᠡᠰᠦᠨ ᠠᠭᠤᠷᠬᠠᠢ᠂ ᠳ᠋ᠦᠩ ᠱᠠᠨ ᠬᠦᠷᠢᠶᠡᠯᠡᠩ ᠲᠣᠭᠤᠷᠢᠭ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠳᠤ 3 ᠡᠭᠡᠯᠵᠢ ᠶᠢᠨ ᠣᠷᠣᠨ ᠬᠡᠪᠴᠢᠶᠡᠨ ᠤ ᠴᠢᠨᠠᠷᠲᠠᠢ ᠪᠦᠬᠦ ᠬᠥᠮᠥᠰ ᠤᠨ ᠪᠥᠭᠡᠮ ᠬᠦᠴᠢᠯ ᠤᠨ ᠰᠢᠨᠵᠢᠯᠡᠭᠡ ᠬᠢᠵᠦ᠂ ᠡᠭᠦᠨ ᠳᠤ ᠨᠡᠶᠢᠲᠡ 76010 ᠬᠤᠪᠢ ᠰᠢᠨᠵᠢᠯᠡᠭᠡ ᠬᠢᠭᠰᠡᠨ ᠪᠦᠭᠡᠳ ᠥᠷ᠎ᠡ ᠳ᠋ᠥᠩ ᠨᠢ ᠴᠥᠮ ᠪᠢᠯᠢᠭ ᠴᠢᠨᠠᠷᠲᠠᠢ᠃ ᠲᠣᠰ ᠤᠳᠠᠭᠠᠨ ᠤ ᠬᠢᠵᠢᠭ ᠎ ᠤᠨ ᠣᠩᠨᠢᠭᠤᠳ ᠬᠤᠰᠢᠭᠤ᠂ ᠰᠦᠩᠱᠠᠨ ᠲᠣᠭᠤᠷᠢᠭ᠂ ᠬᠤᠩᠱᠠᠨ ᠲᠣᠭᠤᠷᠢᠭ ᠤᠨ ᠣᠨᠤᠰᠢᠯᠠᠭᠳᠠᠭᠰᠠᠨ ᠡᠪᠡᠳᠴᠢᠲᠡᠨ ᠲᠠᠢ ᠨᠢᠭᠲᠠ ᠣᠶᠢᠷᠠᠲᠤᠭᠰᠠᠳ᠂ ᠳᠠᠮ ᠨᠢᠭᠲᠠ ᠣᠶᠢᠷᠠᠲᠤᠭᠰᠠᠳ ᠵᠢᠴᠢ 7 ᠡᠳᠦᠷ ᠤᠨ ᠳᠣᠲᠣᠷ᠎ᠠ ᠳᠤᠮᠳᠠ ᠪᠣᠶᠥ ᠥᠨᠳᠦᠷ ᠲᠥᠭᠰᠢᠭᠦᠷᠢᠲᠠᠢ ᠭᠠᠵᠠᠷ ᠣᠷᠣᠨ ᠳᠤ ᠶᠠᠪᠤᠵᠤ ᠰᠠᠭᠤᠭᠰᠠᠨ ᠲᠡᠦᠬᠡ ᠲᠠᠢ ᠬᠥᠮᠥᠰ ᠲᠤ ᠴᠥᠮ ᠬᠠᠷᠠᠭᠠᠯᠵᠠᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠠᠢ᠃ ᠣᠳᠣᠬᠠᠨ ᠳᠤ ᠪᠥᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠣᠷᠣᠨ ᠪᠣᠯᠤᠭᠰᠠᠨ ᠤ ᠬᠤᠪᠢ ᠳᠤ᠂ ᠪᠥᠬᠦ ᠲᠣᠭᠤᠷᠢᠭ ᠲᠤ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠨ᠎ᠠ᠃    ᠣᠳᠣᠬᠠᠨ ᠳᠤ᠂ ᠶᠤᠸᠠᠨ ᠪᠦᠦ ᠱᠠᠨ ᠲᠣᠭᠤᠷᠢᠭ ᠤᠨ ᠬᠠᠩᠭᠠᠯᠭ᠎ᠠ ᠶᠢᠨ ᠠᠵᠤ ᠠᠬᠤᠶᠢᠯᠠᠯ ᠎ ᠨᠢ ᠲᠤᠲᠤᠷᠭ᠎ᠠ 206 ᠲᠣᠨ᠂ ᠭᠤᠯᠢᠷ 203 ᠲᠣᠨ᠂ ᠢᠳᠡᠭᠡᠨ ᠤ ᠲᠣᠰᠣ 11 ᠲᠣᠨ᠂ ᠦᠬᠡᠷ ᠬᠤᠨᠢᠨ ᠮᠢᠬ᠎ᠠ 4.35 ᠲᠣᠨ᠂ ᠭᠠᠭ᠋ᠠᠢ ᠶᠢᠨ ᠮᠢᠬ᠎ᠠ 101 ᠲᠣᠨ᠂ ᠲᠠᠬᠢᠶᠠᠨ ᠥᠨᠳᠡᠭᠡ 1.8 ᠲᠣᠨ᠂ ᠢᠳᠡᠰᠢᠨ ᠨᠣᠭᠤᠭ᠎ᠠ 60.5 ᠲᠣᠨ᠂ ᠢᠳᠡᠭᠡᠨ ᠤ ᠳᠠᠪᠤᠰᠤ 2.4 ᠲᠣᠨ᠂ ᠲᠥᠬᠦᠮ ᠭᠤᠯᠢᠷ 1500 ᠬᠠᠶᠢᠷᠴᠠᠭ᠂ ᠬᠢᠮ᠎ᠠ 1500 ᠬᠠᠶᠢᠷᠴᠠᠭ᠂ ᠤᠮᠳᠠᠭᠠᠨ ᠤ ᠤᠰᠤ 2180 ᠬᠠᠶᠢᠷᠴᠠᠭ ᠬᠠᠳᠠᠭᠠᠯᠠᠵᠤ ᠪᠣᠶ᠃ ᠪᠥᠬᠦ ᠲᠣᠭᠤᠷᠢᠭ ᠤᠨ ᠠᠮᠢᠳᠤᠷᠠᠯ ᠤᠨ ᠡᠳ᠋ ᠪᠣᠳᠠᠰ ᠤᠨ ᠨᠥᠭᠡᠴᠡ ᠭᠦᠢᠴᠡᠳ᠂ ᠲᠡᠭᠡᠭᠡᠪᠦᠷᠢ ᠶᠢᠨ ᠵᠠᠮ ᠮᠥᠷ ᠰᠠᠭᠠᠳ ᠦᠭᠡᠢ ᠪᠠᠶᠢᠵᠤ ᠂ ᠥᠷᠭᠡᠨ ᠣᠯᠡᠨ ᠬᠤᠲᠠ ᠶᠢᠨ ᠠᠷᠠᠳ ᠰᠣᠬᠤᠷ ᠪᠠᠯᠠᠢ ᠪᠠᠷ ᠡᠳ᠋ ᠪᠣᠳᠠᠰ ᠪᠤᠯᠢᠶᠠᠯᠳᠤᠨ ᠠᠪᠴᠤ ᠨᠥᠭᠡᠴᠡᠯᠡᠬᠦ ᠠᠴᠠ ᠵᠠᠶᠢᠯᠠᠰᠬᠢᠬᠦ ᠶᠢ ᠬᠥᠰᠡᠶ᠎ᠡ᠃    ᠥᠷᠭᠡᠨ ᠤᠯᠠᠨ ᠬᠤᠳᠠ ᠶᠢᠨ ᠠᠷᠠᠳ ᠬᠢᠵᠢᠭ ᠤᠨ ᠪᠠᠶᠢᠳᠠᠯ ᠤᠨ ᠬᠠᠨᠳᠤᠰᠢ ᠶᠢ ᠨᠢᠭᠲᠠ ᠠᠩᠬᠠᠷᠴᠤ ᠂ ᠠᠯᠪᠠᠨ ᠤ ᠲᠠᠯ᠎ᠠ ᠶᠢᠨ ᠨᠡᠶᠢᠲᠡᠯᠡᠯ᠂ ᠭᠤᠣᠯ ᠰᠣᠨᠢᠨ ᠮᠡᠳᠡᠭᠡᠨ ᠤ ᠵᠠᠭᠤᠴᠢᠯᠠᠭᠤᠷ ᠤᠳ ᠵᠡᠷᠭᠡ ᠵᠥᠪ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠣᠯᠣᠨ ᠬᠢᠵᠢᠭ ᠢ ᠰᠡᠷᠭᠡᠶᠢᠯᠡᠬᠦ ᠮᠡᠳᠡᠯᠭᠡ ᠶᠢ ᠣᠶᠢᠯᠠᠭᠠᠨ᠂ ᠴᠤᠤᠷᠬᠠᠯ ᠢ ᠢᠲᠡᠭᠡᠬᠦ ᠦᠭᠡᠢ ᠂  ᠴᠤᠤᠷᠬᠠᠯ ᠢ ᠲᠠᠷᠬᠠᠭᠠᠬᠤ ᠦᠭᠡᠢ ᠂ ᠴᠤᠤᠷᠬᠠᠯ ᠲᠠᠯᠪᠢᠬᠤ ᠦᠭᠡᠢ ᠪᠠᠶᠢᠵᠤ ᠂ ᠡᠷᠡᠭᠦᠯ ᠪᠥᠭᠡᠳ ᠢᠳᠡᠪᠬᠢᠲᠡᠢ ᠰᠡᠳᠬᠢᠴᠡ ᠶᠢᠨ ᠪᠠᠶᠢᠳᠠᠯ ᠢ ᠪᠠᠷᠢᠮᠲᠠᠯᠠᠨ᠂ ᠪᠠᠶᠢᠩᠭᠤ ᠶᠢᠨ ᠰᠡᠷᠭᠡᠶᠢᠯᠡᠯᠲᠡ ᠶᠢ ᠰᠠᠶᠢᠲᠤᠷ ᠬᠢᠵᠦ ᠂ ᠪᠠᠯᠢᠳᠠᠵᠤ ᠰᠠᠨᠳᠤᠷᠬᠤ ᠠᠴᠠ ᠵᠠᠶᠢᠯᠠᠰᠬᠢᠬᠦ ᠬᠡᠷᠡᠭᠲᠡᠢ ᠃                                  2022 ᠣᠨ ᠤ 9 ᠰᠠᠷ᠎ᠠ ᠶᠢᠨ 9 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1