9 ᠰᠠᠷ᠎ᠠ ᠶᠢᠨ 5 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠫᠢᠩᠵᠤᠸᠠᠩ ᠤᠨ ᠬᠤᠲᠠ ᠶᠢᠨ | ᠲᠣᠭᠤᠷᠢᠭ ᠤᠨ ᠲᠣᠮᠣ ᠬᠡᠯᠪᠡᠷᠢ ᠶᠢᠨ ᠬᠤᠳᠠᠯᠳᠤᠭᠠᠨ ᠤ ᠠᠰᠠᠷ ᠤᠨ ᠴᠢᠯᠦᠭᠡᠲᠦ ᠳᠡᠯᠭᠡᠭᠦᠷ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠯᠲᠠ ᠥᠷᠨᠢᠭᠦᠯᠪᠡ᠃ | | | | ᠪᠠᠶᠢᠴᠠᠭᠠᠬᠤ ᠳᠤᠭᠤᠶᠢᠯᠠᠩ ᠤᠨ ᠬᠢᠨ ᠬᠤᠳᠠᠯᠳᠤᠭᠠᠨ ᠤ ᠠᠰᠠᠷ ᠤᠨ ᠴᠢᠯᠦᠭᠡᠲᠦ ᠳᠡᠯᠭᠡᠭᠦᠷ ᠲᠤ ᠣᠷᠤᠵᠤ | ᠢᠷᠡᠭᠰᠡᠨ ᠬᠡᠷᠡᠭᠯᠡᠭᠴᠢᠳ ᠤᠨ ᠺᠣᠳ᠋ ᠰᠢᠷᠪᠢᠵᠦ ᠳᠠᠩᠰᠠᠯᠠᠭᠤᠯᠤᠭᠰᠠᠨ ᠪᠠᠶᠢᠳᠠᠯ᠂ ᠴᠢᠯᠥᠭᠡᠲᠦ ᠲᠡᠯᠭᠡᠭᠦᠷ ᠤᠨ ᠣᠷᠴᠢᠨ | ᠲᠣᠭᠤᠷᠢᠨ ᠢ ᠡᠳᠥᠷ ᠪᠥᠷᠢ ᠠᠷᠢᠭᠤᠳᠬᠠᠵᠤ ᠪᠠᠶᠢᠭ᠎ᠠ ᠪᠠᠶᠢᠳᠠᠯ᠂ ᠠᠵᠢᠯᠯᠠᠵᠤ ᠪᠠᠶᠢᠭ᠎ᠠ ᠬᠥᠮᠥᠰ ᠤᠨ ᠡᠳᠦᠷ | ᠪᠦᠷᠢ ᠶᠢᠨ ᠪᠡᠶ᠎ᠡ ᠶᠢᠨ ᠳᠤᠯᠠᠭᠠᠨ ᠤ ᠳᠡᠮᠳᠡᠭᠯᠡᠯ ᠵᠢᠴᠢ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠰᠢᠨᠵᠢᠯᠡᠭᠡ | ᠬᠢᠵᠦ ᠪᠠᠶᠢᠭ᠎ᠠ ᠡᠰᠡᠭᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠥᠵᠡᠪᠡ᠃ | ᠪᠠᠶᠢᠴᠠᠭᠠᠯᠲᠠ ᠪᠠᠷ ᠳᠡᠮᠵᠢᠨ ᠣᠨᠴᠠ ᠵᠠᠷᠢᠮ ᠠᠵᠤ ᠠᠬᠤᠶᠢᠯᠠᠯ ᠳᠤ ᠠᠷᠢᠭᠤᠳᠬᠠᠬᠤ ᠬᠠᠷᠢᠴᠠᠯ ᠢ ᠰᠠᠶᠢᠨ ᠮᠡᠳᠡᠬᠦ | ᠦᠭᠡᠢ ᠮᠥᠷᠲᠡᠭᠡᠨ ᠠᠷᠢᠭᠤᠳᠬᠠᠬᠤ ᠰᠢᠩᠭᠡᠨ ᠤ ᠲᠣᠬᠢᠷᠠᠭᠤᠯᠤᠯᠲᠠ ᠨᠢ ᠵᠢᠷᠤᠮᠵᠢᠯ ᠦᠭᠡᠢ᠂ ᠠᠵᠢᠯᠯᠠᠵᠤ ᠪᠠᠶᠢᠭ᠎ᠠ | ᠬᠥᠮᠥᠰ ᠤᠨ ᠠᠮᠠᠪᠴᠢ ᠵᠡᠭᠦᠬᠦ ᠨᠢ ᠪᠠᠷᠢᠮᠵᠢᠶ᠎ᠠ ᠳᠤ ᠨᠡᠶᠢᠴᠡᠬᠦ ᠥᠭᠡᠢ ᠵᠡᠷᠭᠡ ᠦᠵᠡᠭᠳᠡᠯ ᠣᠷᠣᠰᠢᠵᠤ ᠪᠠᠶᠢᠬᠤ ᠶᠢ | ᠣᠯᠵᠤ ᠮᠠᠲᠠᠵᠠᠢ ᠃ ᠲᠣᠰ ᠲᠣᠪᠴᠢᠶ᠎ᠠ ᠲᠤᠬᠠᠢ ᠶᠢᠨ ᠲᠠᠯᠠᠪᠤᠷ ᠲᠤ ᠨᠢ ᠬᠤᠯᠪᠣᠭᠳᠠᠯ ᠪᠦᠬᠦᠢ ᠠᠵᠤ ᠠᠬᠤᠶᠢᠯᠠᠯ ᠳᠤ | ᠰᠡᠷᠡᠮᠵᠢᠯᠡᠭᠦᠯᠦᠯ ᠥᠭᠴᠦ᠂ ᠠᠵᠤ ᠠᠬᠤᠶᠢᠯᠠᠯ ᠢ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ ᠂ | ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠵᠠᠰᠠᠨ ᠥᠭᠡᠷᠡᠴᠢᠯᠡᠬᠦ ᠶᠢ ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠨᠢ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ᠂ ᠡᠯ᠎ᠡ ᠨᠢᠭᠡᠴᠢ ᠶᠢ ᠰᠢᠪᠠᠳᠠᠨ ᠣᠳᠣᠬᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠪᠡᠷᠬᠡ ᠬᠠᠳᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ | ᠲᠤ ᠭᠦᠢᠴᠡᠳ ᠲᠠᠨᠢᠯᠲᠠ ᠲᠠᠢ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠱᠤᠭᠤᠮ ᠢ | ᠡᠷᠡᠰ ᠪᠠᠬᠢᠵᠢᠭᠦᠯᠬᠦ ᠪᠠᠷ ᠪᠣᠢ ᠃ | | |