ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/9/13
    9 ᠰᠠᠷ᠎ᠠ ᠶᠢᠨ 7᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠡᠷᠭᠢᠯᠡᠵᠦ᠂ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠡᠯᠡᠳᠬᠡᠯ ᠠᠵᠢᠯ ᠢ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠤᠪᠴᠢᠲᠠᠢ ᠪᠠᠷ ᠰᠠᠶᠢᠲᠤᠷ ᠬᠢᠵᠦ᠂ ᠥᠯᠢᠭᠡᠷ ᠡᠳ᠋ ᠴᠤᠭᠯᠠᠭᠤᠯᠬᠤ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠥᠯᠢᠭᠡᠷ ᠡᠳ᠋ ᠠᠪᠬᠤ ᠴᠡᠭ ᠤᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠰᠢᠷᠪᠤᠰᠤᠯᠢᠭ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ ᠡᠯ᠎ᠡ ᠰᠢᠶᠠᠩ ᠪᠠᠯᠭᠠᠰᠤ ᠵᠡᠭᠡᠯᠢ ᠶᠢᠨ ᠳᠠᠩᠰᠠᠯᠠᠬᠤ᠂ ᠬᠠᠶᠢᠷᠴᠠᠭᠯᠠᠬᠤ᠂ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠲᠤᠬᠠᠶᠢᠯᠠᠭᠰᠠᠨ ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠨ ᠨᠡᠶᠢᠲᠡ 475 ᠬᠥᠮᠥᠨ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠵᠠᠢ᠃
1_副本.jpg
       ᠪᠣᠯᠪᠠᠰᠤᠷᠠᠯ ᠤᠨ ᠠᠩᠭᠢ ᠳᠤ᠂ ᠤᠯᠠᠭᠠᠨᠬᠠᠳᠠ ᠶᠢᠨ ᠪᠤᠦ ᠱᠠᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ᠂ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠬᠠᠮᠢᠶ᠎ᠠ ᠪᠦᠬᠦᠢ ᠠᠵᠢᠯᠲᠠᠨ ᠲᠣᠰ ᠲᠣᠰ ᠬᠠᠮᠠᠭᠠᠯᠠᠯᠲᠠ ᠶᠢᠨ ᠬᠤᠪᠴᠠᠰᠤ ᠶᠢ ᠳᠦᠷᠢᠮ ᠶᠤᠰᠤᠭᠠᠷ ᠡᠮᠥᠰᠴᠥ ᠲᠠᠶᠢᠯᠬᠤ᠂ ᠡᠮᠴᠢᠯᠡᠭᠡᠨ ᠤ ᠬᠠᠶᠠᠭᠳᠠᠮᠠᠯ ᠡᠳ᠋ ᠢ ᠰᠢᠢᠳᠪᠦᠷᠢᠯᠡᠬᠦ᠂ ᠪᠥᠭᠡᠮ ᠬᠦᠴᠢᠯ ᠤᠨ ᠥᠯᠢᠭᠡᠷ ᠡᠳ᠋ ᠠᠪᠬᠤ ᠰᠢᠰᠲ᠋ᠧᠮ ᠤᠨ ᠠᠵᠢᠯᠯᠠᠭᠠᠨ ᠤ ᠶᠠᠪᠤᠴᠠ ᠵᠡᠷᠭᠡ ᠠᠭᠤᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠵᠦ᠂ ᠰᠤᠷᠤᠯᠭᠠᠲᠠᠳ ᠤᠨ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠢ ᠨᠢᠮᠪᠠᠢ ᠬᠠᠷᠢᠭᠤᠯᠵᠤ ᠦᠭᠴᠡᠢ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠣᠶ ᠪᠦᠬᠦᠢ ᠪᠣᠯᠪᠠᠰᠤᠷᠠᠯ ᠳᠤ ᠣᠷᠣᠯᠴᠠᠭᠰᠠᠳ ᠲᠤ ᠰᠦᠯᠵᠢᠶᠡᠨ ᠳᠡᠭᠡᠷᠡᠬᠢ ᠬᠢᠨᠠᠨ ᠰᠢᠯᠭᠠᠯᠲᠠ ᠬᠢᠭᠰᠡᠨ ᠳᠤ ᠴᠥᠮ ᠬᠢᠷᠢ ᠲᠡᠩᠴᠡᠭᠰᠡᠨ ᠪᠠᠶᠢᠨ᠎ᠠ᠃     ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠡᠯ᠎ᠡ ᠰᠢᠶᠠᠩ ᠪᠠᠯᠭᠠᠰᠤ ᠵᠡᠭᠡᠯᠢ ᠶᠢᠨ ᠪᠣᠳᠠᠲᠠᠢ ᠠᠵᠢᠯ ᠢ  ᠬᠠᠷᠢᠭᠤᠴᠠᠵᠤ ᠪᠠᠶᠢᠭ᠎ᠠ ᠬᠥᠮᠦᠰ ᠤᠨ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ᠂ ᠮᠡᠳᠡᠭᠡ ᠵᠠᠩᠭᠢ ᠲᠡᠮᠳᠡᠭᠯᠡᠬᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠳᠡᠨ ᠳᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ ᠠᠩᠬᠠᠷᠬᠤ ᠵᠦᠢᠯᠡᠰ ᠢ ᠪᠥᠬᠦ ᠲᠠᠯ᠎ᠠ ᠪᠠᠷ ᠡᠵᠡᠮᠰᠢᠭᠦᠯᠥᠨ ᠂ ᠣᠷᠣᠨ ᠬᠡᠪᠴᠢᠶᠡᠨ ᠤ ᠪᠥᠬᠦ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠂ ᠵᠢᠷᠤᠮᠵᠢᠭᠤᠨ᠂ ᠥᠨᠳᠥᠷ ᠪᠦᠲᠦᠮᠵᠢᠲᠡᠶ ᠂ ᠡᠮᠬᠢ ᠵᠢᠷᠤᠮ ᠲᠠᠢ ᠪᠠᠷ ᠥᠷᠨᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1