ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/9/13
    ᠠᠶᠤᠯᠭᠦᠢ ᠦᠢᠯᠡᠳᠪᠦᠷᠢᠯᠡᠯ ᠢ ᠣᠯᠡᠮ ᠨᠢᠭᠡ ᠠᠯᠬᠤᠮ ᠴᠢᠩᠭᠠᠳᠬᠠᠵᠤ ᠂ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠶᠢ ᠦᠨᠳᠦᠰᠦᠯᠡᠨ ᠂ ᠣᠶᠢᠷ᠎ᠠ ᠳᠤ ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠭᠤᠣᠯᠳᠠᠯᠭ᠎ᠠ ᠲᠠᠢ ᠠᠷᠠᠯᠵᠢᠶᠠᠨ ᠤ ᠭᠦᠢᠯᠭᠡᠭᠡᠨ ᠤ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠯᠲᠠ ᠥᠷᠨᠢᠭᠦᠯᠵᠠᠢ᠃
1_副本.jpg
        ᠬᠠᠶᠠᠭᠳᠠᠮᠠᠯ ᠮᠠᠰᠢᠨ ᠲᠡᠷᠭᠡ ᠶᠢ ᠵᠠᠳᠠᠯᠤᠨ ᠰᠠᠯᠭᠠᠬᠤ ᠠᠵᠤ ᠠᠬᠤᠶᠢᠯᠠᠯ ᠳᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠠᠶᠢᠴᠠᠭᠠᠬᠤ ᠳᠤᠭᠤᠶᠢᠯᠠᠩ ᠨᠢ ᠲᠡᠭᠦᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠪ ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ᠂ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠭᠠᠯ ᠤᠨᠲᠠᠷᠠᠭᠠᠬᠤ ᠠᠮᠤᠷ ᠲᠦᠪᠰᠢᠨ ᠵᠠᠮ ᠵᠡᠷᠭᠡ ᠪᠠᠶᠢᠳᠠᠯ ᠢ ᠪᠠᠶᠢᠴᠠᠭᠠᠪᠠ᠃ ᠪᠠᠶᠢᠴᠠᠭᠠᠨ ᠢᠯᠡᠷᠡᠭᠦᠯᠦᠭᠰᠡᠨ ᠬᠡᠮ ᠰᠣᠭᠤᠭ ᠎ ᠲᠤ ᠴᠢᠭᠯᠡᠭᠦᠯᠦᠨ᠂ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠠᠭ ᠤᠨ ᠬᠢᠵᠠᠭᠠᠷ ᠢ ᠲᠣᠳᠤᠷᠬᠠᠶᠢᠯᠠᠨ ᠥᠭᠴᠦ᠂ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢ ᠲᠦᠷᠥᠯ ᠵᠤᠷᠪᠤᠰ ᠳᠠᠷᠠᠭᠠᠯᠠᠨ ᠰᠠᠶᠢᠲᠤᠷ ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠶᠢ ᠥᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠳᠤ ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠠᠶᠢᠴᠠᠭᠠᠬᠤ ᠳᠤᠭᠤᠶᠢᠯᠠᠩ ᠤᠨ ᠬᠢᠨ ᠲᠡᠭᠦᠨ ᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠪ ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠵᠡᠷᠭᠡ ᠪᠠᠶᠢᠳᠠᠯ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠵᠦ᠂ ᠢᠷᠡᠭᠰᠡᠨ ᠬᠥᠮᠥᠰ ᠢ ᠺᠣᠳ᠋ ᠰᠢᠷᠪᠢᠭᠦᠯᠥᠨ ᠳᠠᠩᠰᠠᠯᠠᠬᠤ᠂ ᠪᠡᠶ᠎ᠡ ᠶᠢᠨ ᠳᠤᠯᠠᠭᠠᠨ ᠢ ᠎ ᠨᠢ ᠬᠡᠮᠵᠢᠬᠦ᠂ ᠡᠵᠡᠩᠨᠡᠯᠲᠡ ᠶᠢᠨ ᠲᠠᠯᠠᠪᠤᠷ ᠢ ᠴᠠᠭ ᠲᠤᠬᠠᠢ ᠳᠤᠨᠢ ᠠᠷᠢᠭᠤᠳᠬᠠᠬᠤ ᠵᠡᠷᠭᠡ ᠠᠯᠢᠪᠠ ᠠᠷᠭ᠎ᠠ ᠬᠡᠮᠵᠢᠶ᠎ᠡ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠳᠡᠯ ᠭᠠᠷᠬᠤ ᠦᠭᠡᠢ ᠪᠠᠶᠢᠬᠤ ᠶᠢ ᠥᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1