ᠭᠦᠸᠧ ᠿᠧᠨ ᠳᠠᠭᠠᠳᠬᠠᠯ ᠤᠨ ᠶᠤᠸᠠᠨ ᠪᠦᠦ ᠱᠠᠨ ᠰᠠᠯᠪᠤᠷᠢ ᠺᠣᠮᠫᠠᠨᠢ ︽ᠨᠠᠷᠠᠲᠤ ᠪᠠᠭᠰᠢ ᠳᠤ ᠬᠦᠨᠳᠦᠳᠬᠡᠯ ᠳᠡᠪᠰᠢᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/13
    ᠠᠯᠲᠠᠨ ᠨᠠᠮᠤᠷ ᠤᠨ 9 ᠰᠠᠷ᠎ᠠ ᠶᠢᠨ 8᠎ ᠤ ᠡᠳᠦᠷ᠂ 38 ᠳ᠋ᠤᠭᠠᠷ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠭᠦᠸᠧ ᠿᠧᠨ ᠳᠠᠭᠠᠳᠬᠠᠯ ᠤᠨ ᠶᠤᠸᠠᠨ ᠪᠦᠦ ᠱᠠᠨ ᠰᠠᠯᠪᠤᠷᠢ ᠺᠣᠮᠫᠠᠨᠢ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠤ ᠠᠩᠬᠠᠳᠤᠭᠠᠷ ᠬᠤᠭᠤᠴᠠᠭᠠᠨ ᠤ ︽ ᠨᠠᠷᠠᠲᠤ ᠪᠠᠭᠰᠢ ᠳᠤ ᠬᠦᠨᠳᠦᠳᠬᠡᠯ ᠳᠡᠪᠰᠢᠭᠦᠯᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠪᠡ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠂ ᠵᠢᠭᠠᠬᠤ ᠶᠢ ᠰᠤᠳᠤᠯᠬᠤ ᠲᠥᠪ ᠤᠨ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠶᠤᠸᠠᠨ ᠪᠦᠦ ᠱᠠᠨ ᠲᠣᠭᠤᠷᠢᠭ ᠤᠨ ︽ ᠨᠡᠷᠡᠳᠦ ᠪᠠᠭᠰᠢ ᠶᠢᠨ ᠠᠵᠢᠯᠯᠠᠬᠤ ᠭᠠᠵᠠᠷ ︾᠎ ᠤᠨ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ ᠃
1_副本.jpg
2_副本.jpg
       ᠠᠵᠢᠯᠯᠠᠭ᠎ᠠ ᠶᠢᠨ ᠳᠤᠮᠳᠠ ᠂ ᠭᠦᠸᠧ ᠿᠧᠨ ᠳᠠᠭᠠᠳᠬᠠᠯ ᠤᠨ ᠶᠤᠸᠠᠨ ᠪᠦᠦ ᠱᠠᠨ ᠰᠠᠯᠪᠤᠷᠢ ᠺᠣᠮᠫᠠᠨᠢ ᠶᠢᠨ ᠤᠳᠤᠷᠢᠳᠤᠯᠭ᠎ᠠ ᠎ ᠠᠴᠠ ︽ ᠨᠠᠷᠠᠲᠤ ᠪᠠᠭᠰᠢ ᠶᠢᠨ ᠠᠵᠢᠯᠯᠠᠬᠤ ᠭᠠᠵᠠᠷ ︾ ᠎ ᠤᠨ ᠨᠠᠷᠠᠲᠤ ᠪᠠᠭᠰᠢ ᠲᠤᠰᠬᠠᠢ ᠮᠡᠷᠭᠡᠵᠢᠯᠲᠡᠨ ᠤ ᠲᠥᠯᠥᠭᠡᠯᠡᠭᠴᠢᠳ ᠲᠤ ᠲᠣᠬᠤᠨᠢᠭᠤᠯᠬᠤ ᠪᠣᠳᠠᠰ ᠪᠠ ᠪᠠᠶᠠᠷ ᠤᠨ ᠡᠳᠦᠷ ᠤᠨ ᠵᠥᠩᠨᠡᠯ ᠵᠢᠴᠢ 2.5 ᠳ᠋ᠦᠩᠰᠢᠭᠤᠷ ᠲᠥᠭᠦᠷᠢᠭ ᠤᠨ ᠳᠠᠭᠠᠳᠬᠠᠯ ᠤᠨ ᠪᠠᠲᠤᠯᠠᠭ᠎ᠠ ᠬᠦᠷᠭᠡᠪᠡ᠃    ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠪᠣᠯᠣᠨ ᠨᠠᠷᠠᠲᠤ ᠪᠠᠭᠰᠢ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠬᠠᠶᠢᠷ᠎ᠠ ᠬᠠᠯᠠᠮᠵᠢᠲᠤ ᠠᠵᠤ ᠠᠬᠤᠶᠢᠯᠠᠯ ᠤᠨ ᠪᠣᠶᠠᠨᠰᠠᠭ ᠦᠶᠯᠡ ᠠᠵᠢᠯᠯᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠭᠰᠡᠨ ᠪᠥᠭᠡᠳ ᠥᠩᠭᠡᠷᠡᠭᠰᠡᠨ ᠲᠠᠢ ᠪᠠᠨ ᠠᠳᠠᠯᠢ ᠪᠠᠷ ᠴᠥᠬᠦᠷᠡᠰᠢ ᠦᠭᠡᠢ ᠴᠢᠷᠮᠠᠶᠢᠨ ᠠᠵᠢᠯᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠩ ᠣᠯᠠᠨ ᠰᠢᠯᠢᠳᠡᠭ ᠰᠣᠷᠣᠭᠴᠢ ᠶᠢ ᠬᠥᠮᠥᠵᠢᠭᠦᠯᠦᠨ ᠭᠠᠷᠭᠠᠬᠤ ᠪᠠᠷ ᠨᠡᠶᠢᠭᠡᠮ ᠤᠨ ᠡᠯ᠎ᠡ ᠡᠲᠡᠭᠡᠳ ᠤᠨ ᠪᠠᠭᠰᠢ ᠨᠠᠷ ᠲᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠬᠠᠯᠠᠮᠵᠢ ᠶᠢᠨ ᠠᠴᠢ ᠶᠢ ᠬᠠᠷᠢᠭᠤᠯᠤᠨ᠎ᠠ ᠭᠡᠵᠦ ᠢᠯᠡᠷᠬᠡᠶᠢᠯᠡᠵᠡᠢ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1