ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠬᠢᠨᠠᠨ ᠵᠢᠯᠤᠭᠤᠳᠴᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/9/14
    9 ᠰᠠᠷ᠎ᠠ ᠶᠢᠨ 12᠎ ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠨᠢᠭᠡᠨᠲᠡ ᠡᠬᠢᠯᠡᠵᠦ ᠬᠡᠷᠡᠭᠯᠡᠭᠰᠡᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠳ ᠎ ᠲᠤ ᠨᠢᠭᠡᠳ ᠨᠢᠭᠡ ᠪᠠᠷ ᠬᠢᠨᠠᠵᠤ ᠵᠢᠯᠣᠭᠤᠳᠤᠨ ᠪᠠᠶᠢᠴᠠᠭᠠᠯᠲᠠ ᠬᠢᠵᠦ᠂ ᠡᠷᠬᠡᠪᠰᠢ ᠨᠠᠩ ᠴᠢᠩᠭ᠎ᠠ ᠪᠠᠷᠢᠮᠵᠢᠶ᠎ᠠ᠂ ᠨᠠᠩ ᠵᠢᠷᠤᠮᠵᠢᠭᠤᠨ ᠠᠵᠢᠯᠯᠠᠭ᠎ᠠ᠂ ᠨᠠᠩ ᠨᠠᠷᠢᠯᠢᠭ ᠠᠷᠭ᠎ᠠ ᠬᠡᠮᠵᠢᠶ᠎ᠡ ᠪᠠᠷ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
1_副本.jpg
2_副本.jpg
3_副本.jpg
       ᠼᠤᠤ ᡁᠢ ᠶᠦᠩ ᠤᠷᠢᠳ ᠬᠤᠵᠢᠳ ᠶᠦᠨ ᠱᠠᠨ ᠵᠣᠴᠢᠳ ᠤᠨ ᠪᠠᠭᠤᠳᠠᠯ᠂ ᠬᠤᠸᠠ ᠵᠢᠩ ᠵᠣᠴᠢᠳ ᠤᠨ ᠪᠠᠭᠤᠳᠠᠯ᠂ ᠶᠤᠸᠠᠨ ᠪᠦᠦ ᠱᠠᠨ ᠲᠣᠭᠤᠷᠢᠭ ᠤᠨ ᠲᠥᠪᠯᠡᠷᠡᠭᠦᠯᠥᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠲᠤᠰᠠᠭᠠᠷᠯᠠᠬᠤ ᠲᠥᠪ᠂ ᠫᠢᠩ ᠮᠧᠶ ᠠᠷᠠᠯᠵᠢᠶᠠᠨ ᠤ ᠵᠣᠴᠢᠳ ᠤᠨ ᠪᠠᠭᠤᠳᠠᠯ᠂ ᠳ᠋ᠦᠩ ᠲᠠᠢ ᠵᠣᠴᠢᠳ ᠤᠨ ᠪᠠᠭᠤᠳᠠᠯ᠂ ᠴᠢᠤᠸᠠᠨ ᠾᠥᠢ ᠶᠡᠭᠡ ᠵᠣᠴᠢᠳ ᠤᠨ ᠪᠠᠭᠤᠳᠠᠯ ᠳᠤ ᠬᠦᠷᠴᠦ ᠬᠢᠨᠠᠵᠤ ᠵᠢᠯᠤᠭᠤᠳᠤᠨ ᠪᠠᠶᠢᠴᠠᠭᠠᠯᠲᠠ ᠬᠢᠵᠤ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠤᠨ ᠲᠠᠰ ᠤᠨ ᠤᠳᠤᠷᠢᠳᠤᠯᠭ᠎ᠠ ᠠᠴᠠ ᠲᠤᠰᠠᠭᠠᠷᠯᠠᠬᠤ ᠲᠠᠯᠠᠪᠤᠷ ᠎ ᠤᠨ ᠠᠵᠢᠯᠯᠠᠭᠠᠨ ᠤ ᠬᠠᠮᠢᠶᠠᠷᠤᠯᠲᠠ᠂ ᠲᠤᠰᠠᠭᠠᠷᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ᠂ ᠡᠮᠴᠢ ᠰᠤᠪᠢᠯᠠᠭᠴᠢ ᠶᠢᠨ ᠲᠣᠬᠢᠷᠠᠭᠤᠯᠤᠯᠲᠠ᠂ ᠣᠷᠴᠢᠨ ᠲᠣᠭᠤᠷᠢᠨ ᠤ ᠠᠷᠢᠭᠤᠳᠬᠠᠯ᠂ ᠠᠷᠤ ᠲᠠᠯ᠎ᠠ ᠶᠢᠨ ᠪᠠᠲᠤᠯᠠᠭ᠎ᠠ ᠶᠢᠨ ᠬᠠᠩᠭᠠᠯᠭ᠎ᠠ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠡᠭᠡᠳᠦ ᠱᠠᠲᠤᠨ ᠤ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠬᠠᠮᠤᠭ ᠲᠡᠷᠢᠭᠦᠨ ᠳᠤ ᠨᠠᠶᠢᠳᠠᠪᠤᠷᠢᠵᠢᠭᠤᠯᠵᠤ᠂ ᠲᠤᠰᠠᠭᠠᠷᠯᠠᠬᠤ ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠠᠭᠤᠯᠭ᠎ᠠ ᠶᠢᠨ ᠭᠠᠷ ᠳᠡᠪᠲᠡᠷ 2.0 ᠬᠡᠪ︾᠎ ᠢ ᠰᠢᠯᠵᠢᠭᠦᠯᠦᠨ ᠵᠥᠭᠡᠭᠡᠵᠤ ᠭᠥᠯᠢᠶᠡᠨ ᠠᠪᠬᠤ᠂ ᠲᠤᠰᠠᠭᠠᠷᠯᠠᠨ ᠠᠵᠢᠭᠯᠠᠬᠤ᠂ ᠡᠳᠦᠷ ᠲᠤᠲᠤᠮ ᠤᠨ ᠬᠢᠨᠠᠨ ᠪᠠᠶᠢᠴᠠᠭᠠᠯᠲᠠ ᠬᠢᠬᠦ᠂ ᠠᠮᠢᠳᠤᠷᠠᠯ ᠤᠨ ᠪᠠᠲᠤᠯᠠᠭ᠎ᠠ᠂ ᠣᠷᠴᠢᠨ ᠲᠣᠭᠤᠷᠢᠨ ᠢ ᠠᠷᠢᠭᠤᠳᠬᠠᠬᠤ᠂ ᠬᠤᠭ ᠨᠣᠪᠰᠢ ᠶᠢ ᠴᠡᠪᠡᠷᠯᠡᠨ ᠵᠦᠭᠡᠭᠡᠪᠦᠷᠢᠯᠡᠬᠦ ᠵᠡᠷᠭᠡ ᠡᠯ᠎ᠡ ᠭᠤᠭᠴᠤᠭᠠᠨ ᠤ ᠠᠵᠢᠯ ᠳᠤ ᠴᠢᠩᠭ᠎ᠠ ᠬᠡᠷᠡᠭᠵᠢᠭᠦᠯᠬᠦ ᠶᠢᠨ ᠬᠠᠮᠲᠤ ᠂ ᠠᠵᠢᠯᠲᠠᠳ ᠤᠨ ᠥᠪᠡᠷ ᠤᠨ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠵᠤ ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠤᠰᠠᠭᠠᠷᠯᠠᠵᠤ ᠪᠠᠶᠢᠭ᠎ᠠ ᠬᠥᠮᠥᠰ ᠤᠨ ᠬᠥᠮᠥᠡᠯᠢᠭ ᠬᠠᠯᠠᠮᠵᠢᠯᠠᠯ ᠪᠠ ᠰᠡᠳᠬᠢᠴᠡ ᠶᠢᠨ ᠵᠢᠯᠣᠭᠤᠳᠤᠯᠭ᠎ᠠ ᠶᠢᠨ ᠠᠵᠢᠯ ᠢ ᠨᠠᠷᠢᠨ ᠨᠢᠮᠪᠠᠢ ᠬᠢᠵᠦ ᠂ ᠲᠡᠳᠡᠨ ᠤ ᠬᠦᠴᠢᠷᠳᠡᠯ ᠲᠣᠭᠠᠴᠢᠯ ᠢ ᠴᠠᠭ ᠲᠤᠬᠠᠢ ᠳᠤᠨᠢ ᠰᠢᠢᠳᠪᠥᠷᠢᠯᠡᠨ ᠥᠭᠴᠦ᠂ ᠰᠠᠶᠢᠲᠤᠷ ᠬᠠᠮᠢᠶᠠᠷᠴᠤ᠂ ᠰᠠᠶᠢᠲᠤᠷ ᠰᠡᠷᠭᠡᠶᠢᠯᠡᠨ᠂ ᠰᠠᠶᠢᠲᠤᠷ ᠥᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ ᠃ ᠡᠯ᠎ᠡ ᠲᠤᠰᠠᠭᠠᠷᠯᠠᠬᠤ ᠲᠠᠯᠠᠪᠤᠷ ᠤᠨ ᠳᠠᠭᠠᠭᠠᠴᠢᠯᠠᠨ ᠬᠤᠯᠪᠤᠭᠠᠯᠠᠭᠰᠠᠨ ᠭᠠᠵᠠᠷ ᠤᠨ ᠳᠡᠰ ᠤᠨ ᠤᠳᠤᠷᠢᠳᠤᠯᠭ᠎ᠠ ᠡᠷᠬᠡᠪᠰᠢ ᠪᠠᠲᠤ ᠬᠠᠷᠢᠭᠤᠴᠠᠯᠭ᠎ᠠ ᠶᠢ ᠡᠭᠦᠷᠭᠡᠯᠡᠵᠦ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠂ ᠰᠢᠪᠠᠳᠠᠨ ᠪᠠᠶᠢᠴᠠᠭᠠᠵᠤ ᠵᠢᠯᠤᠭᠤᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ 24 ᠴᠠᠭ ᠢᠶᠠᠷ ᠠᠵᠢᠯ ᠤᠨ ᠢᠶᠠᠨ ᠴᠡᠭ ᠲᠤ ᠰᠠᠭᠤᠵᠤ ᠠᠵᠢᠯ ᠢᠶᠠᠨ ᠥᠷᠨᠢᠭᠦᠯᠬᠦ ᠬᠡᠷᠡᠭᠲᠡᠢ ᠃ ᠡᠯ᠎ᠡ ᠴᠡᠭ ᠤᠨ ᠳᠠᠷᠤᠭ᠎ᠠ ᠵᠢᠴᠢ ᠬᠠᠮᠢᠶ᠎ᠠ ᠪᠦᠬᠦᠢ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠵᠤ ᠂ ᠴᠠᠭ ᠢᠮᠠᠭᠲᠠ ᠬᠤᠷᠴᠠ ᠰᠡᠷᠭᠡᠭ ᠰᠡᠷᠡᠮᠵᠢ ᠲᠠᠢ ᠪᠠᠶᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ ᠂  ᠲᠣᠭᠤᠷᠢᠭ ᠤᠨ ᠳᠡᠳ᠋ ᠳᠠᠷᠤᠭ᠎ᠠ ᠵᠢᠶᠣᠣ ᠴᠢᠩ ᠳ᠋ᠦᠩ ᠪᠠᠷ᠎ᠠ ᠪᠣᠯᠵᠤ ᠪᠠᠶᠢᠴᠠᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1