ᠰᠢ ᠶᠢᠨ ᠫᠢᠩ ᠰᠧᠴᠤᠸᠠᠨ ᠤ ᠭᠠᠷᠽᠧ ᠶᠢᠨ ᠯᠦᠳᠢᠩ ᠰᠢᠶᠠᠨ ᠳᠤ 6.8 ᠲᠡᠰ ᠤᠨ ᠭᠠᠵᠠᠷ ᠬᠥᠳᠡᠯᠦᠭᠰᠡᠨ ᠲᠤᠬᠠᠢ ᠴᠢᠬᠤᠯᠠ ᠵᠢᠭᠠᠪᠤᠷᠢ ᠥᠭᠴᠦ ᠠᠮᠢ ᠨᠠᠰᠤ ᠶᠢ ᠠᠪᠤᠷᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ ᠭᠠᠮᠰᠢᠭᠳᠠᠭᠰᠠᠨ ᠤᠯᠠᠨ ᠲᠦᠮᠡᠨ ᠢ ᠪᠦᠬᠦ ᠬᠦᠴᠦ ᠪᠠᠷ ᠢᠶᠠᠨ ᠠᠪᠤᠷᠠᠨ ᠲᠤᠰᠠᠯᠠᠵᠤ ᠬᠥᠮᠦᠨ ᠠᠳᠡᠵᠤ ᠰᠢᠷᠬᠠᠳᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠬᠡᠵᠤ ᠱᠠᠭᠠᠷᠳᠠᠪᠠ ᠯᠢ ᠺᠧ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2022/9/15
    ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 5᠎ ᠤ ᠴᠠᠬᠢᠯᠭᠠᠨ ᠮᠡᠳᠡᠭᠡ ᠪᠡᠭᠡᠵᠢᠩ ᠤᠨ ᠴᠠᠭ ᠢᠶᠠᠷ 9 ᠰᠠᠷ᠎ᠠ ᠶᠢᠨ 5᠎ ᠤ 12 ᠴᠠᠭ 52 ᠮᠢᠨᠦ᠋ᠲ ᠲᠤ ᠰᠧᠴᠤᠸᠠᠨ ᠤ ᠭᠠᠷᠽᠧ ᠶᠢᠨ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠤ ᠶᠢᠨ ᠯᠦᠳᠢᠩ ᠰᠢᠶᠠᠨ ᠳᠤ 6.8 ᠲᠠᠰ ᠤᠨ ᠭᠠᠵᠠᠷ ᠬᠥᠳᠡᠯᠵᠤ᠂ ᠭᠠᠵᠠᠷ ᠬᠥᠳᠡᠯᠦᠯᠲᠡ ᠶᠢᠨ ᠭᠤᠯᠤᠮᠲᠠ ᠶᠢᠨ ᠭᠦᠨ ᠨᠢ 16 ᠺᠢᠯᠣᠮᠧᠳ᠋ᠷ ᠪᠠᠶᠢᠨ᠎ᠠ᠃ ᠣᠳᠣᠬᠠᠨ ᠪᠣᠯᠲᠠᠯ᠎ᠠ᠂ ᠭᠠᠵᠠᠷ ᠬᠥᠳᠡᠯᠦᠯᠲᠡ ᠳᠤ 21 ᠬᠥᠮᠦᠨ ᠠᠳᠡᠵᠦ᠂ 30 ᠭᠠᠷᠤᠶ ᠬᠥᠮᠦᠨ ᠰᠢᠷᠬᠠᠲᠤᠵᠤ᠂ ᠤᠰᠤ᠂ ᠴᠠᠬᠢᠯᠭᠠᠨ᠂ ᠵᠠᠮ ᠬᠠᠷᠢᠯᠴᠠᠭ᠎ᠠ᠂ ᠴᠢᠮᠡᠭᠡ ᠬᠤᠯᠪᠣᠭᠠᠨ ᠤ ᠵᠡᠷᠭᠡ ᠬᠡᠰᠡᠭ ᠰᠠᠭᠤᠷᠢ ᠲᠥᠬᠦᠭᠡᠷᠦᠮᠵᠢ ᠡᠪᠳᠡᠭᠳᠡᠭᠰᠡᠨ ᠪᠠᠶᠢᠨ᠎ᠠ᠃    ᠭᠠᠵᠠᠷ ᠬᠥᠳᠡᠯᠦᠯᠲᠡ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠰᠠᠨ ᠪᠥᠭᠡᠳ ᠴᠢᠬᠤᠯᠠ ᠵᠢᠭᠠᠪᠤᠷᠢ ᠦᠭᠴᠤ᠂ ᠰᠧᠴᠤᠸᠠᠨ ᠤ ᠭᠠᠷᠽᠧ ᠶᠢᠨ ᠯᠦᠳᠢᠩ ᠰᠢᠶᠠᠨ ᠳᠤ 6.8 ᠳᠡᠰ ᠤᠨ ᠭᠠᠵᠠᠷ ᠬᠥᠳᠡᠯᠵᠤ ᠬᠥᠮᠦᠨ ᠬᠦᠨᠳᠦ ᠨᠤᠴᠢᠳᠠᠢ ᠠᠳᠡᠵᠤ ᠰᠢᠷᠬᠠᠳᠤᠵᠠᠢ᠂ ᠠᠮᠢ ᠨᠠᠰᠤ ᠶᠢ ᠠᠪᠤᠷᠠᠬᠤ ᠠᠵᠢᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠠᠮᠰᠢᠭᠳᠠᠭᠰᠠᠨ ᠣᠯᠠᠨ ᠲᠦᠮᠡᠨ ᠢ ᠪᠦᠬᠦ ᠬᠦᠴᠦ ᠪᠠᠷ ᠢᠶᠠᠨ ᠠᠪᠤᠷᠠᠨ ᠲᠤᠰᠠᠯᠠᠵᠤ ᠂ ᠬᠥᠮᠦᠨ ᠠᠳᠡᠵᠤ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠡᠭᠦᠰᠦᠮᠡᠯ ᠭᠠᠮᠰᠢᠭ ᠢ ᠰᠡᠷᠭᠡᠶᠢᠯᠡᠨ᠂ ᠭᠠᠮᠰᠢᠭᠳᠠᠭᠰᠠᠨ ᠣᠯᠠᠨ ᠲᠦᠮᠡᠨ ᠢ ᠠᠶᠤᠯ ᠠᠴᠠ ᠵᠠᠶᠢᠯᠠᠭᠤᠯᠤᠨ ᠲᠥᠪᠬᠢᠨᠡᠭᠦᠯᠬᠦ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠡᠭᠠᠬᠤ ᠬᠠᠮᠢᠶᠠᠷᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠬᠢᠨ ᠠᠵᠢᠯᠯᠠᠬᠤ ᠳᠤᠭᠤᠶᠢᠯᠠᠩ ᠲᠣᠮᠢᠯᠠᠨ ᠰᠧᠴᠤᠸᠠᠨ ᠳᠤ ᠣᠴᠢᠭᠤᠯᠵᠤ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠵᠢᠯᠤᠭᠤᠳᠤᠭᠤᠯᠵᠤ ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠬᠢᠨ ᠣᠷᠣᠨ ᠨᠤᠲᠤᠭ ᠲᠠᠢ ᠢᠳᠡᠪᠬᠢᠲᠡᠢ ᠬᠠᠮᠵᠢᠯᠴᠠᠨ ᠠᠵᠢᠯ ᠢᠶᠠᠨ ᠥᠷᠨᠢᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠬᠡᠵᠤ ᠱᠠᠭᠠᠷᠳᠠᠪᠠ᠃    ᠨᠠᠮ ᠤᠨ ᠲᠥᠪ ᠬᠤᠷᠢᠶᠠᠨ ᠤ ᠤᠯᠣᠰ ᠲᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠴᠣᠬᠤᠯᠠᠪᠤᠷᠢ ᠦᠭᠴᠦ᠂ ᠭᠠᠮᠰᠢᠭ ᠤᠨ ᠪᠠᠶᠢᠳᠠᠯ ᠢ ᠱᠠᠯᠠᠪᠳᠠᠨ ᠬᠢᠨᠠᠨ ᠪᠠᠶᠢᠴᠠᠭᠠᠵᠤ᠂ ᠭᠠᠮᠰᠢᠭ ᠠᠴᠠ ᠠᠪᠤᠷᠠᠨ ᠲᠤᠰᠠᠯᠠᠬᠤ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠦ᠂ ᠠᠭᠤᠯᠠ ᠶᠡᠭᠦᠷᠡᠬᠦ᠂ ᠰᠢᠪᠠᠷ ᠴᠢᠯᠠᠭᠤᠨ ᠤᠷᠤᠰᠬᠠᠯ ᠵᠡᠷᠭᠡ ᠡᠭᠦᠰᠦᠮᠡᠯ ᠭᠠᠮᠰᠢᠭ ᠢ ᠠᠩᠬᠠᠷᠤᠨ ᠰᠡᠷᠭᠡᠶᠢᠯᠡᠵᠦ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠶ ᠲᠥᠪᠬᠢᠨᠡᠭᠦᠯᠵᠦ᠂ ᠡᠪᠳᠡᠭᠳᠡᠭᠰᠡᠨ ᠵᠠᠮ ᠬᠠᠷᠢᠯᠴᠠᠭ᠎ᠠ᠂ ᠮᠡᠳᠡᠭᠡ ᠬᠤᠯᠪᠣᠭᠠᠨ ᠤ ᠵᠡᠷᠭᠡ ᠰᠠᠭᠤᠷᠢ ᠲᠥᠬᠦᠭᠡᠷᠦᠮᠵᠢ ᠶᠢ ᠲᠦᠷᠭᠡᠨ ᠵᠠᠰᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠷᠣᠨ ᠨᠤᠲᠤᠭ ᠤᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠴᠤ ᠳᠡᠮᠵᠢᠬᠦ ᠪᠠᠨ ᠴᠢᠩᠭᠠᠳᠬᠠᠬᠤ ᠬᠡᠷᠡᠭᠲᠡᠢ ᠬᠡᠵᠤ ᠱᠠᠭᠠᠷᠳᠠᠪᠠ᠃    ᠰᠢ ᠶᠢᠨ ᠫᠢᠩ ᠤᠨ ᠵᠢᠭᠠᠪᠤᠷᠢ ᠪᠣᠯᠤᠨ ᠯᠢ ᠺᠧ ᠴᠢᠶᠠᠩ ᠤᠨ ᠱᠠᠭᠠᠷᠳᠠᠯᠭ᠎ᠠ ᠶᠤᠰᠤᠭᠠᠷ᠂ ᠪᠠᠴᠢᠮ ᠪᠠᠶᠢᠳᠠᠯ ᠢ ᠠᠷᠭᠠᠴᠡᠭᠠᠬᠤ ᠬᠠᠮᠢᠶᠠᠷᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠢᠨ ᠠᠵᠢᠯᠯᠠᠬᠤ ᠳᠤᠭᠤᠶᠢᠯᠠᠩ ᠲᠣᠮᠢᠯᠠᠨ ᠭᠠᠮᠰᠢᠭᠳᠠᠭᠰᠠᠨ ᠣᠷᠣᠨ ᠳᠤ ᠣᠴᠢᠭᠤᠯᠵᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠴᠤ ᠪᠠᠶᠢᠨ᠎ᠠ᠃ ᠰᠧᠴᠤᠸᠠᠨ ᠮᠤᠵᠢ᠂ ᠭᠠᠷᠽᠧ ᠵᠧᠦ ᠶᠢᠨ ᠬᠢᠨ ᠠᠪᠤᠷᠠᠨ ᠲᠤᠰᠠᠯᠠᠬᠤ ᠬᠦᠴᠦᠨ ᠢ ᠵᠣᠬᠢᠶᠠᠨ ᠪᠠᠶᠢᠭᠤᠯᠵᠤ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠦᠭᠰᠡᠨ ᠪᠥᠭᠡᠳ ᠮᠠᠶᠢᠬᠠᠨ᠂ ᠬᠥᠪᠥᠩ ᠬᠥᠨᠵᠢᠯᠡ᠂ ᠡᠪᠬᠡᠮᠡᠯ ᠣᠷᠣ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠭᠠᠮᠰᠢᠭᠳᠠᠭᠰᠠᠨ ᠣᠷᠣᠨ ᠳᠤ ᠪᠠᠴᠢᠮ ᠰᠢᠯᠵᠢᠭᠦᠯᠦᠨ ᠬᠦᠷᠭᠡᠪᠡ᠃ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠶᠠᠭ ᠶᠠᠭᠠᠷᠠᠯᠳᠠᠢ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1