ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠬᠦᠯᠵᠥ ᠡᠬᠢ ᠪᠠᠶᠠᠯᠢᠭ ᠢ ᠠᠷᠪᠢᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠭᠡᠷᠡᠭᠳᠠᠢ ᠯᠢ ᠺᠧ ᠴᠢᠶᠠᠩ ᠸᠠᠩ ᠬᠣ᠋ ᠨᠢᠩ ᠬᠠᠨ ᠵᠧᠩ ᠣᠷᠣᠯᠴᠠᠵᠠᠢ
ᠨᠡᠶᠢᠲᠡᠯᠡᠭᠰᠡᠨ ᠴᠠᠭ᠄
2022/9/15
    ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 6᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ  ᠤ ᠡᠷᠬᠢᠯᠡᠭᠴᠢ ᠰᠢ ᠶᠢᠨ ᠫᠢᠩ 9 ᠰᠠᠷ᠎ᠠ ᠶᠢᠨ 6᠎ ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠤᠤᠷᠠᠬᠢ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠬᠦ ᠲᠤᠬᠠᠶ ᠰᠠᠨᠠᠯ︾᠂ ︽ᠠᠺᠠᠳᠧᠮᠢᠴᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠤᠳ︾᠂ ︽ᠡᠬᠢ ᠪᠠᠶᠠᠯᠢᠭ ᠢ ᠠᠷᠪᠢᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾᠂ ︽ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠶ ᠵᠢᠯᠣᠭᠤᠳᠬᠤ ᠰᠠᠨᠠᠯ︾᠂ ︽ᠥᠭᠡᠷᠡᠴᠢᠯᠡᠯᠲᠡ ᠶᠢ ᠤᠯᠠᠮ ᠴᠢᠨᠠᠬᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾᠎ ᠢ ᠬᠢᠨᠡᠨ ᠵᠦᠪᠯᠡᠵᠤ ᠪᠠᠳᠤᠯᠠᠪᠠ᠃    ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ ᠳᠡᠶᠢᠯᠬᠦ ᠢᠯᠡᠳᠲᠡ ᠳᠠᠪᠠᠭᠤᠯᠢᠭ ᠢ ᠪᠠᠳᠠᠷᠠᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠨᠠᠮ ᠪᠣᠯᠤᠨ ᠤᠯᠤᠰ ᠤᠨ ᠤᠳᠤᠷᠢᠳᠤᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠰᠢᠰᠲ᠋ᠧᠮᠵᠢᠭᠰᠡᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠠᠯᠢ ᠤᠯᠠᠨ ᠴᠢᠬᠤᠯᠠ ᠬᠦᠷᠢᠶᠡᠨ ᠳᠤ ᠥᠷᠢᠰᠥᠯᠳᠦᠭᠡᠨ ᠤ ᠳᠠᠪᠠᠭᠤᠯᠢᠭ ᠢ ᠪᠦᠷᠢᠯᠳᠦᠭᠦᠯᠵᠦ᠂ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ ᠲᠦᠷᠢᠮ ᠢ ᠲᠡᠭᠦᠯᠳᠡᠷᠵᠢᠭᠦᠯᠬᠦ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠠᠺᠠᠳᠧᠮᠢᠴᠢ ᠶᠢ ᠰᠢᠯᠢᠨ ᠰᠣᠩᠭᠤᠬᠤ ᠶᠠᠰᠤ ᠴᠢᠨᠠᠷ ᠢ ᠳᠡᠭᠡᠭᠰᠢᠯᠡᠭᠦᠯᠵᠦ᠂ ᠠᠺᠠᠳᠧᠮᠢᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠺᠠᠳᠧᠮᠢᠴᠢ ᠶᠢᠨ ᠴᠣᠯᠠ ᠶᠢ ᠤᠯᠠᠮ ᠴᠢᠨᠠᠭᠰᠢᠳᠠ ᠢᠷᠠᠭᠤ ᠠᠯᠳᠠᠷᠲᠤ ᠴᠢᠨᠠᠷ᠂ ᠡᠷᠳᠡᠮ ᠰᠢᠨᠵᠢᠯᠡᠭᠡᠨ ᠤ ᠴᠢᠨᠠᠷ ᠲᠤᠨᠢ ᠪᠤᠴᠠᠭᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠬᠢ ᠪᠠᠶᠠᠯᠢᠭ ᠢ ᠠᠷᠪᠢᠯᠠᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠪᠦᠬᠦ ᠲᠠᠯ᠎ᠠ ᠪᠠᠷ ᠠᠷᠪᠢᠯᠠᠬᠤ᠂ ᠡᠷᠬᠢᠯᠳᠤᠬᠦᠯᠦᠨ ᠠᠰᠢᠭᠯᠠᠬᠤ ᠶᠢ ᠠᠬᠢᠭᠤᠯᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠲᠦᠭᠦᠬᠡᠢ ᠮᠠᠲ᠋ᠧᠷᠢᠶᠠᠯ ᠵᠡᠷᠭᠡ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠲᠦᠷᠭᠡᠳᠭᠡᠬᠦ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠨᠥᠬᠦᠴᠡᠯ ᠢ ᠴᠢᠩᠳᠠᠯᠠᠨ᠂ ᠲᠠᠰ ᠳᠠᠷᠠᠭᠠᠯᠠᠯ ᠢ ᠵᠢᠷᠤᠮᠵᠢᠭᠤᠯᠵᠤ᠂ ᠥᠭᠡᠷᠡᠴᠢᠯᠡᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠠᠰᠠᠭᠤᠳᠠᠯ ᠢ ᠬᠠᠶᠢᠨ ᠰᠦᠪᠡᠭᠴᠢᠯᠡᠨ ᠰᠢᠶ᠋ᠳᠪᠦᠷᠢᠯᠡᠬᠦ ᠬᠡᠷᠡᠭᠲᠡᠶ᠃ ᠬᠥᠳᠡᠭᠡ ᠲᠣᠰᠬᠤᠨ ᠤ ᠣᠨᠴᠠᠯᠢᠭ ᠲᠤ ᠵᠣᠬᠢᠴᠠᠭᠰᠠᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠬᠦᠯᠵᠤ᠂ ᠥᠷᠭᠡᠨ ᠤᠯᠠᠨ ᠲᠠᠷᠢᠶᠠᠴᠢᠨ ᠲᠦᠮᠡᠨ ᠳᠤ ᠤᠢᠢᠷ᠎ᠠ ᠬᠠᠪᠢ ᠳᠠᠭᠠᠨ ᠨᠡᠩ ᠡᠷᠬᠡ ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠬᠦ ᠬᠡᠷᠡᠭᠲᠡᠢ ᠭᠡᠵᠤ ᠴᠢᠬᠤᠯᠠᠴᠢᠯᠠᠪᠠ᠃    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠵᠠᠢ᠃    ᠬᠤᠷᠠᠯ ᠠᠴᠠ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠬᠦᠯᠬᠦ ᠳᠤ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠢ ᠣᠷᠭᠠᠨᠢᠭ ᠢᠶᠠᠷ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠤᠨ᠂ ᠬᠦᠴᠦᠨ ᠢᠶᠠᠨ ᠲᠥᠪᠯᠡᠷᠡᠭᠦᠯᠵᠦ᠂ ᠲᠣᠭᠲᠠᠴᠠ ᠪᠠᠨ ᠰᠢᠯᠢᠳᠡᠭᠵᠢᠭᠦᠯᠤᠨ᠂ ᠬᠠᠮᠵᠢᠯᠴᠠᠨ ᠪᠣᠭᠤᠮᠲᠠ ᠰᠢᠪᠲᠤᠯᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠ ᠰᠢᠰᠲ᠋ᠧᠮ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠤᠳᠤᠷᠢᠳᠤᠮᠵᠢ ᠶᠢ ᠪᠠᠷᠢᠮᠲᠠᠯᠠᠵᠤ᠂ ᠮᠠᠨ ᠤ ᠤᠯᠤᠰ ᠤᠨ ᠠᠵᠤ ᠦᠢᠯᠡᠰ᠂ ᠠᠵᠤ ᠠᠬᠤᠢ ᠪᠠ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶ᠎ᠡ ᠨᠦᠭᠦᠳ ᠵᠢᠴᠢ ᠴᠢᠬᠤᠯᠠ ᠶᠡᠭᠡ ᠡᠭᠦᠷᠭᠡ ᠶᠢ ᠤᠨᠢᠯᠠᠨ᠂ ᠭᠤᠣᠯ ᠰᠢᠪᠲᠤᠯᠬᠤ ᠴᠢᠭᠯᠡᠯ ᠪᠠ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠴᠡᠭ ᠢ ᠲᠣᠳᠣᠷᠬᠠᠶᠢᠯᠠᠵᠤ᠂ ᠤᠷᠢᠳ ᠢᠶᠠᠷ ᠬᠥᠭᠵᠢᠬᠦ ᠳᠠᠪᠠᠭᠤᠯᠢᠭ ᠲᠠᠢ ᠵᠠᠩᠭᠢᠯᠠᠭ᠎ᠠ ᠶᠢᠨ ᠮᠡᠷᠭᠡᠵᠢᠯ ᠪᠠ ᠢᠷᠡᠭᠡᠳᠦᠢ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ ᠰᠠᠭᠤᠷᠢ ᠬᠤᠰᠢᠭᠤᠷᠠᠯ ᠮᠡᠷᠭᠡᠵᠢᠯ ᠢ ᠭᠤᠣᠯᠳᠠᠯᠭ᠎ᠠ ᠲᠠᠢ ᠰᠤᠳᠤᠯᠤᠨ ᠨᠡᠭᠡᠬᠡᠬᠦ ᠭᠡᠷᠡᠭᠳᠠᠢ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠷᠬᠡ ᠰᠦᠷᠲᠦ ᠰᠢᠢᠳᠪᠦᠷᠢᠲᠦ ᠪᠤᠳᠤᠯᠭ᠎ᠠ ᠶᠢᠨ ᠵᠢᠯᠣᠭᠤᠳᠬᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠠᠮᠵᠢᠯᠴᠠᠨ ᠪᠣᠭᠤᠮᠲᠠ ᠰᠢᠪᠲᠤᠯᠬᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠡᠴᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠪᠣᠯᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠥᠨᠳᠥᠷ ᠪᠦᠲᠦᠮᠵᠢᠲᠡᠢ ᠲᠤᠬᠢᠷᠠᠭᠤᠯᠵᠤ᠂ ᠬᠦᠷᠢᠶ᠎ᠡ ᠰᠤᠨᠳᠠᠯᠠᠵᠦ ᠰᠢᠨᠵᠢᠯᠡᠭᠡᠨ ᠤ ᠰᠠᠯᠠᠭ᠎ᠠ ᠰᠤᠨᠳᠠᠯᠠᠵᠦ ᠬᠠᠮᠵᠢᠯᠴᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ ᠰᠠᠶᠢᠨ ᠰᠠᠶᠢᠬᠠᠨ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃    ᠬᠤᠷᠠᠯ ᠠᠴᠠ᠂ ᠠᠺᠠᠳᠧᠮᠢᠴᠢ ᠪᠣᠯ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠬᠠᠮᠤᠭ ᠤᠨ ᠳᠡᠭᠡᠳᠦ ᠢᠷᠠᠭᠤ ᠠᠯᠳᠠᠷ ᠤᠨ ᠴᠣᠯᠠ ᠮᠥᠨ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯ ᠥᠨᠳᠥᠷ ᠲᠦᠪᠰᠢᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠴᠢᠬᠤᠯᠠ ᠬᠦᠴᠦᠨ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠺᠠᠳᠧᠮᠢᠴᠢ ᠶᠢ ᠰᠢᠯᠢᠨ ᠰᠣᠩᠭᠤᠵᠤ ᠬᠢᠨᠠᠨ ᠲᠣᠭᠲᠠᠭᠠᠬᠤ ᠲᠣᠭᠲᠡᠴᠡ ᠶᠢ ᠲᠡᠭᠦᠯᠳᠡᠷᠵᠢᠭᠦᠯᠬᠦ᠂ ᠰᠢᠨᠵᠢᠯᠡᠭᠡᠨ ᠤ ᠰᠠᠯᠠᠭᠠᠨ ᠤ ᠪᠠᠶᠢᠷᠢᠰᠢᠭᠤᠯᠤᠯᠳᠠ ᠶᠢ ᠰᠢᠯᠢᠳᠡᠭᠵᠢᠭᠦᠯᠬᠦ᠂ ᠠᠵᠢᠯ ᠠᠴᠠ ᠪᠠᠨ ᠠᠮᠠᠷᠠᠵᠤ ᠤᠬᠤᠷᠢᠨ ᠭᠠᠷᠬᠤ ᠲᠦᠷᠢᠮ ᠢ ᠬᠡᠷᠡᠭᠵᠢᠭᠦᠯᠬᠦ᠂ ᠰᠤᠷᠳᠠᠯ ᠪᠠ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠠᠺᠠᠳᠧᠮᠢᠴᠢ ᠶᠢᠨ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠠᠬᠢᠭᠤᠯᠪᠠ᠃ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠪᠠ ᠤᠯᠤᠰ ᠤᠨ ᠴᠢᠬᠤᠯᠠ ᠶᠡᠭᠡ ᠢᠨᠵᠧᠨᠧᠷᠢᠩ ᠤᠨ ᠳᠤᠮᠳᠠ ᠠᠴᠠ ᠠᠺᠠᠳᠧᠮᠢᠴᠢ ᠶᠢ ᠰᠢᠯᠢᠨ ᠰᠣᠩᠭᠤᠬᠤ ᠶᠢ ᠴᠢᠬᠤᠯᠠᠴᠢᠯᠠᠵᠤ᠂ ᠴᠢᠬᠤᠯᠠ ᠶᠡᠭᠡ ᠬᠤᠪᠢ ᠨᠡᠮᠡᠷᠢ᠂ ᠡᠷᠳᠡᠮ ᠰᠢᠨᠵᠢᠯᠡᠭᠡᠨ ᠤ ᠲᠦᠪᠰᠢᠨ᠂ ᠶᠣᠰᠣ ᠮᠣᠷᠠᠯ ᠰᠤᠷᠳᠠᠯ ᠰᠠᠬᠢᠯᠭ᠎ᠠ ᠪᠠᠷ ᠪᠠᠷᠢᠮᠵᠢᠶ᠎ᠠ ᠪᠣᠯᠭᠠᠵᠤ᠂ ᠨᠡᠮᠡᠵᠦ ᠰᠣᠩᠭᠤᠬᠤ ᠳᠤᠮᠳᠠᠬᠢ ᠲᠥᠪ ᠪᠤᠰᠤ ᠰᠤᠷᠲᠠᠯ ᠢ ᠰᠡᠷᠭᠡᠶᠢᠯᠡᠬᠦ ᠬᠡᠷᠡᠭᠲᠡᠢ᠃ ᠬᠥᠲᠥᠯᠥᠨ ᠵᠢᠯᠣᠭᠤᠳᠴᠦ ᠵᠢᠷᠤᠮᠵᠢᠭᠤᠯᠬᠤ ᠢ ᠴᠢᠩᠭᠠᠳᠬᠠᠵᠤ᠂ ᠠᠺᠠᠳᠧᠮᠢᠴᠢ ᠶᠢᠨ ᠨᠢᠭᠡ ᠰᠡᠳᠭᠢᠯ ᠨᠢᠭᠡ ᠵᠣᠷᠢᠭ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠡᠷᠳᠡᠮ ᠰᠢᠨᠵᠢᠯᠡᠭᠡᠨ ᠤ ᠰᠤᠷᠲᠠᠯ ᠪᠠ ᠠᠵᠢᠯ ᠤᠨ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠨ᠂ ᠡᠷᠳᠡᠮ ᠰᠢᠨᠵᠢᠯᠡᠭᠡᠨ ᠤ ᠪᠤᠰᠤ ᠬᠦᠴᠦᠨ ᠵᠦᠶ᠋ᠯ ᠤᠨ ᠬᠠᠷᠰᠢᠯᠠᠯ ᠢ ᠠᠷᠢᠯᠭᠠᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠺᠠᠳᠧᠮᠢᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠶᠣᠰᠣ ᠰᠤᠷᠲᠠᠬᠤᠨ ᠪᠠ ᠡᠷᠳᠡᠮ ᠰᠢᠨᠵᠢᠯᠡᠭᠡᠨ ᠤ ᠵᠢᠷᠤᠮᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠡᠷᠳᠡᠮ ᠰᠢᠨᠵᠢᠯᠡᠭᠡᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠥᠷᠭᠡᠨ ᠤᠯᠠᠨ ᠠᠺᠠᠳᠧᠮᠢᠴᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠪᠠᠴᠢᠮ ᠬᠦᠴᠢᠷ ᠠᠶᠤᠯ ᠲᠠᠢ ᠬᠦᠨᠳᠦ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠰᠢᠢᠳᠪᠦᠷᠢᠯᠡᠬᠦ᠂ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ ᠡᠷᠳᠡᠮ ᠰᠢᠨᠵᠢᠯᠡᠭᠡᠨ ᠤ ᠣᠷᠴᠢᠨ ᠲᠣᠭᠤᠷᠢᠨ ᠢ ᠴᠡᠪᠡᠷᠰᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃    ᠬᠤᠷᠠᠯ ᠠᠴᠠ᠂ ᠡᠬᠢ ᠪᠠᠶᠠᠯᠢᠭ ᠢ ᠠᠷᠪᠢᠯᠠᠬᠤ ᠪᠣᠯ ᠮᠠᠨ ᠤ ᠤᠯᠤᠰ ᠤᠨ ᠦᠨᠳᠦᠰᠦᠨ ᠤᠯᠤᠰ ᠤᠨ ᠪᠤᠳᠤᠯᠭ᠎ᠠ᠂ ᠤᠯᠤᠰ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠡᠭᠦᠷᠭᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ ᠪᠠᠶᠢᠷᠢᠯᠠᠭᠤᠯᠤᠨ ᠬᠡᠷᠡᠭᠵᠢᠭᠦᠯᠵᠦ᠂ ᠡᠨᠧᠷᠭᠢ᠂ ᠤᠰᠤ᠂ ᠭᠠᠵᠠᠷ ᠰᠢᠷᠣᠢ ᠶᠢ ᠠᠰᠢᠭᠯᠠᠬᠤ ᠡᠷᠴᠢᠮ ᠢ ᠶᠡᠭᠡ ᠪᠠᠷ ᠪᠠᠭᠤᠷᠠᠭᠤᠯᠤᠨ ᠂ ᠣᠷᠴᠢᠯᠳᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠨᠡᠶᠢᠭᠡᠮ ᠳᠠᠶᠠᠭᠠᠷ ᠲᠤ ᠰᠠᠶᠢᠲᠤᠷ ᠠᠷᠪᠢᠯᠠᠨ ᠭᠠᠮᠨᠠᠬᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠶᠢ ᠰᠠᠨᠠᠭᠠᠴᠢᠯᠠᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠢ ᠪᠠᠷ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠂ ᠢᠳᠡᠪᠬᠢᠲᠡᠢ ᠦᠷ᠎ᠡ ᠪᠦᠲᠦᠮᠵᠢ ᠤᠯᠪᠠ᠃ ᠡᠨᠧᠷᠭᠢ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠡᠬᠢ ᠪᠠᠶᠠᠯᠢᠭ ᠢ ᠠᠷᠪᠢᠯᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠦᠢᠯᠡᠳᠪᠦᠷᠢᠯᠡᠯ ᠤᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠬᠤ ᠬᠡᠷᠡᠭᠲᠡᠢ᠃ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠨ᠂ ᠠᠷᠪᠢᠲᠠᠢ ᠭᠠᠮᠲᠠᠢ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠵᠦ᠂ ᠱᠠᠯᠢᠨ ᠪᠦᠷᠢᠯᠭᠡᠬᠦ ᠪᠠ ᠬᠡᠲᠦᠷᠡᠲᠡᠯ᠎ᠡ ᠬᠡᠷᠡᠭᠯᠡᠬᠦ ᠶᠢ ᠡᠰᠡᠷᠭᠦᠴᠡᠨ᠂ ᠪᠦᠬᠦ ᠠᠷᠠᠳ ᠤᠨ ᠠᠷᠪᠢᠯᠠᠨ ᠭᠠᠮᠨᠠᠬᠤ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ ᠠᠷᠭ᠎ᠠ ᠪᠠᠷᠢᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠡᠬᠢ ᠪᠠᠶᠠᠯᠢᠭ ᠤᠨ ᠬᠤᠮᠰᠠᠳᠠᠯ ᠤᠨ ᠬᠡᠮᠵᠢᠶ᠎ᠡ᠂ ᠠᠮᠢ ᠠᠬᠤᠢ ᠶᠢᠨ ᠬᠤᠬᠢᠷᠠᠯ ᠤᠨ ᠥᠪᠡᠷ ᠤᠨ ᠦᠷᠳᠡᠭ᠂ ᠣᠷᠴᠢᠨ ᠲᠤᠭᠤᠷᠢᠨ ᠤ ᠪᠣᠬᠢᠷᠲᠤᠯ ᠤᠨ ᠦᠨ᠎ᠡ ᠲᠦᠯᠦᠪᠦᠷᠢ ᠶᠢ ᠢᠯᠡᠷᠡᠭᠦᠯᠬᠦ ᠡᠬᠢ ᠪᠠᠶᠠᠯᠢᠭ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ᠂ ᠤᠰᠤᠨ ᠤ ᠬᠤᠷᠣᠭᠳᠠᠭᠤᠯᠤᠯ᠂ ᠪᠣᠳᠠᠰ ᠤᠨ ᠬᠤᠷᠣᠭᠳᠠᠭᠤᠯᠤᠯ ᠤᠨ ᠪᠠᠷᠢᠮᠵᠢᠶ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠪᠠ ᠠᠷᠪᠢᠲᠠᠢ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ ᠃ ᠠᠰᠢᠭᠯᠠᠬᠤ ᠪᠠ ᠠᠷᠪᠢᠯᠠᠬᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠬᠤᠷ ᠬᠤᠭᠤᠴᠠᠭ᠎ᠠ ᠪᠠ ᠤᠷᠳᠤ ᠬᠤᠭᠤᠴᠠᠭᠠᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠬᠢ ᠪᠠᠶᠠᠯᠢᠭ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠪᠠᠷᠠᠬᠤ ᠦᠭᠡᠢ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠪᠣᠳᠣᠯᠬᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠠᠬᠢᠭᠤᠯᠬᠤ ᠨᠢ ᠲᠠᠷᠢᠶᠠᠴᠢᠳ ᠤᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠡᠯ᠎ᠡ ᠲᠠᠯ᠎ᠠ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠲᠤᠬᠢᠷᠠᠭᠤᠯᠤᠯᠲᠠ ᠮᠦᠨ᠂ ᠡᠷᠬᠡᠪᠰᠢ ᠪᠣᠯᠭᠤᠮᠵᠢᠲᠠᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠰᠢᠶᠠᠨ ︵ᠬᠤᠲᠠ᠂ ᠲᠣᠭᠤᠷᠢᠭ︶᠎ ᠤ ᠲᠤᠭ᠎ᠠ ᠬᠡᠮᠵᠢᠶ᠎ᠡ ᠶᠢ ᠯᠠᠪᠳᠠᠭᠤᠨ ᠡᠵᠡᠮᠳᠡᠵᠦ ᠳᠡᠶᠢᠯᠬᠦ ᠬᠡᠷᠡᠭᠲᠡᠶ᠃ ᠠᠳᠠᠯᠢ ᠭᠠᠵᠠᠷ ᠲᠤ ᠠᠳᠠᠯᠢ ᠡᠷᠬᠡ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠲᠥᠯᠥᠪᠵᠢᠭᠦᠯᠭᠡ ᠳᠤ ᠨᠡᠶᠢᠴᠡᠬᠦ᠂ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠬᠠᠤᠯᠢ ᠶᠣᠰᠣᠭᠠᠷ ᠣᠯᠤᠭᠰᠠᠨ ᠤᠷᠢᠲᠠᠯ ᠳᠣᠣᠷ᠎ᠠ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠤᠯᠤᠰ ᠤᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠲᠠᠢ ᠠᠳᠠᠯᠢ ᠲᠡᠭᠰᠢ ᠪᠠᠷ ᠵᠠᠬ᠎ᠠ ᠳᠡᠯᠭᠡᠭᠦᠷ ᠲᠤ ᠣᠷᠣᠭᠤᠯᠬᠤ᠂ ᠠᠳᠠᠯᠢ ᠡᠷᠬᠡ ᠠᠳᠠᠯᠢ ᠦᠨ᠎ᠡ ᠲᠠᠢ ᠪᠠᠶᠢᠯᠭᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠨᠢᠭᠡᠳᠦᠯᠲᠡᠢ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤ ᠠᠷᠠᠯᠵᠢᠶᠠᠯᠠᠵᠤ᠂ ᠠᠳᠠᠯᠢ ᠲᠦᠷᠢᠮ ᠢ ᠬᠡᠷᠡᠭᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ᠃ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠪᠠᠷᠢᠮᠲᠠᠯᠠᠵᠤ᠂ ᠤᠷᠢᠳ ᠢᠶᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠡᠯ᠎ᠡ ᠬᠡᠷᠡᠭᠯᠡᠭᠡᠨ ᠤ ᠭᠠᠵᠠᠷ ᠰᠢᠷᠣᠶ ᠶᠢ ᠵᠦᠶ ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃ ᠭᠠᠵᠠᠷ ᠰᠢᠷᠣᠢ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠲᠠᠪᠠᠭ᠋ᠤ ᠦᠭᠡᠢ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠶᠢ ᠴᠢᠩᠭ᠎ᠠ ᠰᠠᠬᠢᠵᠤ᠂ ᠦᠨᠢᠳᠠ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠣᠷᠣᠨ ᠵᠠᠢ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ᠂ ᠠᠵᠢᠯᠲᠠᠨ ᠤ ᠡᠩᠨᠡᠭᠡ ᠶᠢᠨ ᠪᠠᠶᠢᠭᠤᠯᠤᠯᠲᠠ᠂ ᠪᠠᠶᠢᠭᠤᠯᠤᠮᠵᠢ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠠᠯᠢ ᠣᠯᠠᠨ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠴᠢᠨ ᠲᠦᠮᠡᠨ ᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠰᠢᠶᠠᠨ ᠤ ᠬᠡᠪᠴᠢᠶᠡᠨ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠬᠥᠳᠡᠭᠡ ᠲᠣᠰᠬᠤᠨ ᠤ ᠡᠮ ᠡᠮᠨᠡᠯᠭᠡ ᠶᠢᠨ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠬᠤ ᠬᠡᠷᠡᠭᠲᠡᠢ᠃ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠶᠢᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠪᠠ ᠣᠯᠭᠤᠮᠵᠢ ᠶᠢᠨ ᠪᠠᠲᠤᠯᠠᠭ᠎ᠠ ᠶᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠲᠤᠰᠬᠠᠶᠢᠵᠢᠭᠰᠠᠨ᠂ ᠵᠢᠷᠤᠮᠵᠢᠭᠰᠠᠨ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠴᠢᠳᠠᠮᠵᠢ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠴᠦᠷᠬᠡᠭ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1