ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠠᠩᠭ᠍ᠯᠢ ᠶᠢᠨ ᠤᠯᠤᠰ ᠤᠨ ᠸᠠᠩ ᠴᠠᠷᠰ ᠭᠤᠷᠪᠠᠳᠤᠭᠠᠷ ᠤᠨ ᠰᠠᠭᠤᠷᠢᠨ ᠳᠤ ᠰᠠᠭᠤᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2022/9/15
    ᠤᠯᠤᠰ ᠤᠨ ᠲᠡᠷᠢᠭᠦᠯᠡᠭᠴᠢ ᠰᠢ ᠶᠢᠨ ᠫᠢᠩ 10᠎ ᠤ ᠡᠳᠦᠷ ᠠᠩᠭ᠍ᠯᠢ ᠶᠢᠨ ᠤᠯᠤᠰ ᠤᠨ ᠸᠠᠩ ᠴᠠᠷᠰ ᠭᠤᠷᠪᠠᠳᠤᠭᠠᠷ ᠲᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠴᠠᠷᠰ ᠭᠤᠷᠪᠠᠳᠤᠭᠠᠷ ᠤᠨ ᠰᠠᠭᠤᠷᠢᠨ ᠳᠤ ᠰᠠᠭᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃    ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠩᠭ᠍ᠯᠢ ᠡᠯᠴᠢᠨ ᠰᠠᠶᠢᠳ ᠤᠨ ᠲᠡᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠂ ᠪᠢ ᠳᠤᠷᠠᠲᠠᠶ᠎ᠠ ᠤᠯᠤᠰ ᠤᠨ ᠸᠠᠩ ᠴᠠᠷᠰ ᠭᠤᠷᠪᠠᠳᠤᠭᠠᠷ ᠲᠠᠢ ᠬᠠᠮᠲᠤ ᠪᠠᠷ ᠴᠢᠷᠮᠠᠶᠢᠵᠤ ᠬᠤᠶᠠᠷ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠶᠢ ᠨᠡᠮᠡᠭᠳᠡᠭᠦᠯᠦᠨ ᠨᠥᠬᠦᠷᠯᠡᠯ ᠢ ᠵᠤᠵᠠᠭᠠᠳᠬᠠᠵᠤ᠂ ᠨᠥᠬᠦᠷᠰᠡᠭ ᠰᠣᠯᠢᠯᠴᠠᠭ᠎ᠠ ᠪᠣᠯᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠭᠡᠵᠦ᠂ ᠪᠦᠬᠦ ᠪᠥᠮᠪᠥᠷᠴᠡᠭ ᠤᠨ ᠴᠢᠨᠠᠷᠲᠠᠢ ᠵᠥᠪᠯᠡᠬᠦ ᠵᠦᠢᠯᠡᠰ ᠤᠨ ᠲᠤᠬᠠᠢ ᠤᠯᠤᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1