ᠲᠤᠬᠠᠢ ᠶᠢᠨ ᠭᠠᠵᠠᠷ ᠤᠨ ᠴᠠᠭ ᠢᠶᠠᠷ 9 ᠰᠠᠷ᠎ᠠ ᠶᠢᠨ 14 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠤᠰᠬᠠᠢ ᠨᠢᠰᠭᠡᠯ ᠢᠶᠠᠷ ᠰᠠᠮᠠᠷᠺᠠᠨᠳ᠋ ᠲᠤ ᠬᠦᠷᠴᠤ᠂ ᠪᠦᠬᠦᠳᠠ ᠨᠠᠶᠢᠷᠠᠮᠳᠠᠬᠤ ᠦᠽᠪᠧᠺᠰᠲ᠋ᠠᠨ ᠤᠯᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠵᠤ ᠡᠬᠢᠯᠡᠬᠦ ᠶᠢᠨ ᠬᠠᠮᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠪᠦᠷᠢᠯᠳᠦᠬᠦᠨ ᠤᠯᠤᠰ ᠤᠳ ᠤᠨ ᠲᠦᠷᠦᠭᠦᠴᠤᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠬᠤᠶᠠᠳᠤᠭᠠᠷ | ᠤᠳᠠᠭ᠎ᠠ ᠶᠢᠨ ᠬᠤᠷᠠᠯ ᠳᠤ ᠣᠷᠣᠯᠴᠠᠬᠤ ᠪᠠᠷ ᠪᠤᠢ᠃ | ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠠᠯᠢᠪᠦ᠋ᠸᠧᠹ᠂ | ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠸᠧᠯᠦ᠋ᠸᠧᠹ᠂ ᠰᠠᠮᠠᠷᠺᠠᠨᠳ᠋ ᠵᠧᠦ ᠶᠢᠨ ᠳᠠᠷᠤᠭ᠎ᠠ ᠲᠦᠷᠵᠢᠮᠦ᠋ᠸᠧᠹ ᠵᠡᠷᠭᠡ | ᠳᠡᠭᠡᠳᠦ ᠳᠡᠰ ᠤᠨ ᠠᠯᠪᠠᠨ ᠲᠤᠰᠢᠶᠠᠯᠲᠠᠨ ᠨᠢᠰᠭᠡᠯ ᠤᠨ ᠪᠠᠭᠤᠳᠠᠯ ᠳᠤ ᠬᠦᠷᠴᠦ ᠬᠠᠯᠠᠭᠤᠨ ᠢᠶᠠᠷ ᠤᠭᠲᠤᠪᠠ᠃ | ᠮᠢᠷᠵᠢᠶᠤᠤᠶᠧᠹ ᠨᠢᠰᠭᠡᠯ ᠤᠨ ᠪᠠᠭᠤᠳᠠᠯ ᠳᠤ ᠦᠪᠡᠳᠡᠭᠰᠢ ᠶᠡᠭᠡ ᠶᠣᠰᠣᠯᠠᠯ ᠶᠠᠪᠤᠭᠤᠯᠵᠤ ᠲᠡᠷᠢᠭᠦᠯᠡᠭᠴᠢ ᠰᠢ ᠶᠢᠨ ᠫᠢᠩ ᠢ | ᠤᠭᠲᠤᠪᠠ᠃ ᠳᠤᠮᠳᠠᠳᠤ ᠦᠽᠪᠧᠺᠰᠲ᠋ᠠᠨ ᠤ ᠵᠠᠭᠤ ᠰᠢᠬᠠᠮ ᠬᠤᠶᠠᠷ ᠤᠯᠤᠰ ᠤᠨ ᠤᠯᠤᠰ ᠤᠨ ᠲᠤᠭ ᠰᠠᠯᠬᠢᠨ ᠤ ᠠᠶ᠎ᠠ ᠪᠠᠷ | ᠨᠠᠮᠢᠷᠠᠵᠤ᠂ ᠵᠠᠭᠤᠨ ᠮᠧᠳ᠋ᠷ ᠤᠷᠳᠤ ᠲᠠᠪᠢᠰᠦᠭᠰᠡᠨ ᠬᠡᠪᠢᠰ ᠤᠨ ᠬᠤᠶᠠᠷ ᠲᠠᠯ᠎ᠠ ᠪᠠᠷ ᠶᠣᠰᠣᠯᠠᠯ ᠤᠨ ᠴᠡᠷᠢᠭ ᠰᠦᠷ | ᠵᠢᠪᠬᠤᠭ᠎ᠠ ᠲᠠᠢ ᠵᠤᠭᠰᠤᠨ᠎ᠠ᠃ ᠬᠤᠶᠠᠷ ᠤᠯᠤᠰ ᠤᠨ ᠲᠡᠷᠢᠬᠦᠨ ᠦᠽᠪᠧᠺᠰᠲ᠋ᠠᠨ ᠤ ᠦᠨᠳᠦᠰᠦᠲᠡᠨ ᠤ ᠤᠨᠴᠠᠯᠢᠬᠳᠤ | ᠶᠣᠰᠣᠯᠠᠯ ᠤᠨ ᠲᠠᠶᠢᠰᠠᠨ ᠳᠤ ᠭᠠᠷᠪᠠ᠃ ᠦᠽᠪᠧᠺᠰᠲ᠋ᠠᠨ ᠤ ᠤᠯᠠᠮᠵᠢᠯᠠᠯᠲᠤ ᠤᠷᠳᠤ ᠪᠦᠷᠢᠶ᠎ᠡ ᠵᠣᠴᠢᠨ ᠤᠭᠲᠤᠬᠤ ᠠᠶ᠎ᠠ ᠶᠢ | ᠬᠥᠭᠵᠢᠮᠳᠡᠵᠦ᠂ ᠲᠤᠬᠠᠢ ᠶᠢᠨ ᠭᠠᠵᠠᠷ ᠤᠨ ᠵᠠᠯᠠᠭᠤᠴᠤᠳ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠴᠦ᠂ ᠳᠠᠭᠤᠯᠠᠨ | ᠪᠥᠵᠢᠭᠯᠡᠵᠦ᠂ ᠪᠠᠶᠠᠷ ᠪᠠᠶᠠᠰᠬᠤᠯᠠᠩᠳᠤ ᠬᠦᠭ ᠠᠶᠢᠵᠠᠮ ᠤᠨ ᠲᠤᠮᠳᠠ ᠬᠠᠮᠤᠭ ᠤᠨ ᠡᠷᠬᠢᠮ ᠬᠦᠨᠳᠦᠲᠦ ᠵᠣᠴᠢᠨ ᠢᠶᠠᠨ | ᠤᠭᠲᠤᠪᠠ᠃ | ᠰᠢ ᠶᠢᠨ ᠫᠢᠩ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ | ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠦᠽᠪᠧᠺᠰᠲ᠋ᠠᠨ ᠤ ᠵᠠᠰᠠᠭ ᠤᠨ ᠣᠷᠳᠣᠨ ᠪᠣᠯᠤᠨ ᠠᠷᠠᠳ | ᠲᠦᠮᠡᠨ ᠳᠤ ᠴᠢᠩ ᠰᠡᠳᠭᠢᠯ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ | ᠳᠤᠮᠳᠠᠳᠤ ᠦᠽᠪᠧᠺᠰᠲ᠋ᠠᠨ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠮᠢᠩᠭᠠᠨ ᠣᠨ ᠤ | ᠲᠡᠦᠬᠡ ᠶᠢᠨ ᠣᠷᠳᠣ ᠠᠶᠠᠨ ᠢ ᠳᠤᠭᠤᠯᠵᠤ᠂ ᠲᠠᠰᠤᠷᠠᠯᠲᠠ ᠥᠬᠡᠶ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠪᠠ᠃ ᠳᠤᠮᠳᠠᠳᠤ ᠦᠽᠪᠧᠺᠰᠲ᠋ᠠᠨ ᠤ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ | ᠦᠶ᠋ᠯᠡᠳᠦᠭᠰᠡᠨ ᠢᠶᠠᠷ ᠪᠠᠷᠠᠬᠤ ᠥᠬᠡᠶ ᠪᠠᠰᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠤᠨ ᠬᠥᠭᠵᠢᠯ ᠴᠡᠴᠡᠭᠯᠡᠯ ᠢ | ᠬᠦᠴᠦᠲᠡᠶ ᠠᠬᠢᠭᠤᠯᠪᠠ᠃ ᠪᠢ ᠶᠡᠷᠦᠩᠬᠡᠶᠢᠯᠡᠭᠴᠢ ᠮᠢᠷᠵᠢᠶᠤᠤᠶᠧᠹ ᠲᠠᠢ ᠬᠠᠮᠳᠤ ᠬᠤᠶᠠᠷ ᠤᠯᠤᠰ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠦᠽᠪᠧᠺᠰᠲ᠋ᠠᠨ ᠤ ᠬᠠᠷᠢᠯᠴᠠᠭᠠᠨ ᠤ ᠬᠥᠭᠵᠢᠯᠲᠡ ᠶᠢᠨ ᠠᠯᠤᠰ ᠤᠨ | ᠲᠦᠰᠦᠪ ᠢ ᠬᠠᠮᠲᠤ ᠪᠠᠷ ᠵᠢᠷᠤᠭᠯᠠᠨ᠎ᠠ᠃ ᠪᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠰᠠᠮᠠᠷᠺᠠᠨᠳ᠋ ᠲᠠᠬᠢ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ | ᠱᠠᠩᠬᠠᠢ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠲᠤᠰ ᠵᠣᠬᠢᠶᠠᠨ ᠪᠠᠶᠢᠭᠤᠯᠤᠯᠲᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢ ᠬᠦᠰᠡᠨ ᠬᠦᠯᠢᠶᠡᠵᠦ ᠪᠠᠶᠢᠨ᠎ᠠ | ᠭᠡᠵᠦ ᠵᠢᠭᠠᠵᠤ ᠭᠠᠷᠭᠠᠪᠠ᠃ | ᠮᠢᠷᠵᠢᠶᠤᠤᠶᠧᠹ ᠰᠢ ᠶᠢᠨ ᠫᠢᠩ ᠳᠤ ᠪᠠᠷ᠎ᠠ ᠪᠤᠯᠵᠤ ᠨᠢᠰᠭᠡᠯ ᠤᠨ ᠪᠠᠭᠤᠳᠠᠯ ᠤᠨ ᠬᠦᠨᠳᠦᠲᠦ ᠵᠣᠴᠢᠳ ᠤᠨ ᠠᠰᠠᠷ ᠢᠶᠠᠷ | ᠥᠩᠭᠡᠷᠡᠪᠡ᠃ ᠡᠯᠧᠺᠳ᠋ᠷᠣᠨ ᠳᠡᠯᠭᠡᠴᠡ ᠳᠡᠭᠡᠷ᠎ᠡ ᠲᠡᠷᠢᠭᠦᠯᠡᠭᠴᠢ ᠰᠢ ᠶᠢᠨ ᠫᠢᠩ ᠤᠨ ᠲᠤᠮᠤ ᠬᠡᠷᠡᠯ ᠵᠢᠷᠤᠭ ᠢᠯᠡᠷᠡᠵᠦ᠂ | ᠡᠭᠦᠨ ᠤ ᠬᠠᠮᠲᠤ ᠳᠤᠮᠳᠠᠳᠤ ᠦᠽᠪᠧᠺᠰᠲ᠋ᠠᠨ ᠬᠤᠶᠠᠷ ᠤᠯᠤᠰ ᠤᠨ ᠦᠰᠦᠭ ᠪᠢᠴᠢᠭ ᠢᠶᠠᠷ ᠪᠢᠴᠢᠭᠰᠡᠨ ︽ᠪᠦᠬᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ ᠡᠷᠬᠢᠮᠳᠡᠨ ᠪᠦᠬᠦᠳᠠ ᠨᠠᠶᠢᠷᠠᠮᠳᠠᠬᠤ | ᠦᠽᠪᠧᠺᠰᠲ᠋ᠠᠨ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠤ ᠪᠠᠶᠢᠬᠤ ᠶᠢ ᠪᠠᠶᠠᠷᠯᠠᠨ ᠤᠭᠲᠤᠵᠤ ᠪᠠᠶᠢᠨ᠎ᠠ︾ | ᠬᠡᠬᠦ ᠦᠰᠦᠭ ᠤᠳ ᠢᠯᠡᠷᠡᠵᠦ ᠪᠠᠶᠢᠯ᠎ᠠ᠃ | ᠰᠢ ᠶᠢᠨ ᠫᠢᠩ ᠪᠣᠯᠤᠨ ᠮᠢᠷᠵᠢᠶᠤᠤᠶᠧᠹ ᠲᠡᠷᠭᠡᠨ ᠳᠤ ᠭᠠᠷᠬᠤ ᠭᠠᠵᠠᠷ ᠲᠤ ᠰᠠᠯᠬᠤ ᠶᠣᠰᠣ ᠭᠦᠢᠴᠡᠳᠭᠡᠵᠦ᠂ ᠮᠠᠷᠭᠠᠰᠢ | ᠠᠯᠪᠠᠨ ᠶᠣᠰᠣᠨ ᠤ ᠬᠡᠯᠡᠯᠴᠡᠭᠡ ᠬᠢᠵᠤ ᠳᠤᠮᠳᠠᠳᠤ ᠦᠽᠪᠧᠺᠰᠲ᠋ᠠᠨ ᠤ ᠨᠥᠬᠦᠷᠯᠡᠯ ᠢ ᠠᠬᠢᠭᠤᠯᠬᠤ ᠲᠤᠬᠠᠢ ᠰᠠᠨᠠᠯ ᠢᠶᠠᠨ | ᠭᠦᠨᠵᠡᠭᠡᠢ ᠰᠣᠯᠢᠯᠴᠠᠬᠤ ᠪᠠᠷ ᠪᠣᠯᠵᠣᠨ ᠲᠣᠭᠲᠠᠪᠠ᠃ | ᠳ᠋ᠢᠩ ᠰᠢᠤᠸᠠᠢ ᠰᠢᠶᠠᠩ᠂ ᠶᠠᠩ ᠵᠢᠶᠧ ᠤᠤᠢ᠂ ᠸᠠᠩ ᠢ᠂ ᠡᡁᠧ ᠯᠢ ᠹᠧᠩ ᠵᠡᠷᠭᠡ ᠪᠠᠷ᠎ᠠ ᠪᠣᠯᠤᠭᠰᠠᠳ ᠨᠢᠰᠭᠡᠯ ᠢᠶᠠᠷ | ᠬᠠᠮᠲᠤ ᠬᠦᠷᠪᠡ᠃ | ᠦᠽᠪᠧᠺᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠢᠶᠠᠩ ᠶᠠᠨ ᠪᠠᠰᠠ ᠨᠢᠰᠭᠡᠯ ᠤᠨ | ᠪᠠᠭᠤᠳᠠᠯ ᠳᠤ ᠬᠦᠷᠴᠦ ᠤᠭᠲᠤᠪᠠ᠃ | |