7 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ᠂ ᠰᠣᠶᠣᠯ | ᠵᠢᠭᠤᠯᠴᠢᠯᠠᠯ ᠤᠨ ᠲᠢᠩᠬᠢᠮ᠂ ᠤᠳᠭ᠋᠎ᠠ ᠤᠷᠠᠯᠢᠭ ᠤᠨ ᠬᠢᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠠᠴᠠ ᠬᠠᠮᠲᠤᠷᠠᠨ ᠡᠷᠬᠢᠯᠡᠭᠰᠡᠨ ︽ᠤᠷᠠᠨ ᠳᠠᠷᠬᠠᠨ ᠤ ᠵᠤᠷᠢᠬ ᠢᠶᠠᠷ | ᠬᠦᠰᠡᠯ ᠵᠡᠭᠦᠳᠦ ᠪᠠᠨ ᠲᠡᠷᠭᠡᠯᠰᠢᠭᠦᠯᠵᠦ · ᠤᠮᠠᠷᠠᠲᠤ ᠬᠢᠯᠢ ᠪᠠᠨ ᠨᠡᠩ ᠦᠵᠡᠰᠭᠦᠯᠡᠩᠲᠦ ᠰᠠᠶᠢᠬᠠᠨ ᠪᠤᠯᠭᠠᠶ᠎ᠠ︾ — | 2022 ᠣᠨ ᠤ ︽ᠪᠦᠰᠡᠭᠦᠢ︾ ᠴᠤᠬᠯᠠᠭ᠎ᠠ ᠮᠠᠶᠢᠮᠠᠢ ᠬᠥᠬᠡᠬᠤᠲᠠ ᠳᠤ ᠡᠬᠢᠯᠡᠵᠦ᠂ ᠬᠦᠬᠡᠬᠤᠳᠠ ᠶᠢᠨ ᠰᠦᠨᠢ ᠶᠢᠨ | ᠠᠵᠦ ᠠᠬᠤᠢ ᠶᠢ ᠬᠡᠷᠡᠯᠳᠤᠬᠦᠯᠤᠯᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ | ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ | ᠪᠠᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠵᠤ᠂ ᠤᠮᠠᠷᠠᠲᠤ ᠶᠢᠨ ᠡᠮᠡᠭᠲᠡᠶᠢᠴᠦᠳ ᠤᠨ ᠦᠢᠯᠡᠰ ᠪᠤᠰᠬᠠᠵᠤ ᠠᠵᠢᠯ ᠤᠯᠬᠤ ᠶᠢ ᠬᠦᠳᠦᠯᠦᠨ | ᠳᠠᠭᠠᠭᠤᠯᠵᠤ᠂ ᠡᠮᠡᠭᠲᠡᠶᠢᠴᠦᠳ ᠤᠨ ᠠᠮᠢᠳᠤᠯᠢᠭ ᠢᠶᠠᠷ ᠠᠵᠢᠯ ᠤᠯᠬᠤ ᠶᠢ ᠪᠦᠲᠦᠮᠵᠢᠲᠡᠢ ᠠᠬᠢᠭᠤᠯᠵᠤ᠂ ᠰᠢᠯᠢᠳᠡᠭ | ᠰᠣᠶᠣᠯ ᠵᠢᠭᠤᠯᠴᠢᠯᠠᠯ ᠤᠨ ᠠᠵᠢᠯᠯᠠᠭ᠎ᠠ᠂ ᠰᠣᠶᠣᠯ ᠤᠨ ᠪᠦᠲᠦᠭᠡᠯᠴᠢ ᠪᠦᠲᠦᠭᠡᠭᠳᠡᠭᠦᠨ ᠢᠶᠠᠷ ᠬᠡᠷᠡᠭᠯᠡᠭᠡᠨ ᠤ ᠰᠢᠨ᠎ᠡ | ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠵᠦ᠂ ᠡᠬᠡ ᠤᠯᠤᠰ ᠤᠨ ᠤᠮᠠᠷᠠᠲᠤ ᠶᠢᠨ ᠥᠪᠥᠷ ᠮᠣᠩᠭᠤᠯ ᠤᠨ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠦᠨᠡᠨ ᠰᠠᠶᠢᠨ ᠰᠠᠶᠢᠬᠠᠨ ᠤ ᠲᠦᠷᠢ ᠲᠥᠷᠬᠦ ᠶᠢ ᠪᠤᠢ ᠪᠣᠯᠭᠠᠵᠤ᠂ ᠥᠪᠥᠷ ᠮᠣᠩᠭᠤᠯ ᠤᠨ ᠦᠨᠡᠨᠴᠢ | ᠢᠲᠡᠭᠡᠮᠵᠢᠲᠡᠢ ᠬᠠᠯᠠᠭᠤᠮᠰᠤᠭ ᠵᠣᠴᠢᠨᠰᠠᠭ ᠲᠦᠷᠢ ᠲᠥᠷᠬᠦ ᠶᠢ ᠤᠬᠠᠭᠤᠯᠬᠤ ᠪᠠᠷ ᠵᠤᠷᠢᠯᠲᠠ ᠪᠠᠨ ᠪᠤᠯᠭᠠᠵᠠᠢ᠃ | 2022 ᠣᠨ ᠤ ᠤᠮᠠᠷᠠᠲᠤ ᠬᠢᠯᠢ ᠶᠢᠨ ︽ᠪᠦᠰᠡᠭᠦᠢ︾ ᠴᠤᠭᠯᠠᠭ᠎ᠠ ᠮᠠᠶᠢᠮᠠᠶ ᠨᠢ ᠮᠠᠨ ᠤ ᠣᠷᠣᠨ ᠤ ᠡᠮᠡᠭᠲᠡᠢ | ᠭᠠᠷ ᠤᠷᠠᠯᠢᠬᠴᠢᠨ ᠪᠠ ︽ᠡᠮᠡᠭᠲᠡᠶᠢᠴᠦᠳ ᠤᠨ ᠨᠡᠷᠡᠲᠦ ᠳᠡᠮᠳᠡᠭᠲᠦ︾ ᠪᠦᠲᠦᠭᠡᠭᠳᠡᠭᠦᠨ ᠢ ᠤᠬᠠᠭᠤᠯᠤᠨ | ᠲᠠᠨᠢᠯᠴᠠᠭᠤᠯᠬᠤ᠂ ᠳᠡᠯᠭᠡᠨ ᠦᠵᠡᠭᠦᠯᠵᠦ ᠪᠣᠷᠣᠯᠠᠭᠤᠯᠬᠤ ᠳᠤ ᠲᠠᠪᠴᠠᠩ ᠪᠠᠶᠢᠭᠤᠯᠵᠤ ᠥᠭᠪᠡ᠃ ᠡᠬᠢᠯᠡᠯᠳᠡ ᠶᠢᠨ | ᠶᠤᠰᠤᠯᠡᠯ ᠳᠡᠭᠡᠷ᠎ᠠ ᠬᠠᠮᠢᠶ᠎ᠠ ᠪᠦᠬᠦᠢ ᠠᠵᠦ ᠠᠬᠤᠶᠢᠯᠠᠯ ᠤᠨ ᠬᠢᠨ ᠠᠴᠠ ᠨᠠᠮᠤᠷ ᠡᠪᠤᠯ ᠤᠨ ᠤᠯᠠᠷᠢᠯ ᠤᠨ ᠰᠢᠨ᠎ᠠ ᠶᠢ | ᠡᠬᠦᠳᠦᠭᠰᠡᠨ ᠪᠦᠳᠦᠭᠡᠭᠳᠡᠬᠦᠨ ᠢᠶᠠᠨ ᠡᠷᠬᠦᠨ ᠳᠠᠨᠢᠯᠴᠠᠭᠤᠯᠤᠭᠰᠠᠨ ᠤ ᠬᠠᠮᠳᠤ᠂ ᠲᠤᠬᠠᠢ ᠶᠢᠨ ᠲᠠᠯᠠᠪᠠᠢ ᠳᠤ ᠪᠠᠰᠠ | ᠤᠷᠠᠨ ᠰᠠᠶᠢᠬᠠᠨ ᠤ ᠲᠤᠬᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠦᠵᠡᠭᠦᠯᠭᠡ᠂ | ᠳᠠᠭᠤᠤ ᠬᠥᠭᠵᠢᠮ ᠤᠨ ᠴᠤᠭᠯᠠᠭᠠᠨ᠂ ᠬᠤᠸᠠᠷ ᠫᠤᠤᠵᠢᠩ ᠤᠨ ᠦᠵᠡᠭᠦᠯᠭᠡ ᠵᠡᠷᠭᠡ ᠠᠵᠢᠯᠯᠠᠭ᠎ᠠ ᠦᠷᠨᠢᠭᠦᠯᠵᠡᠢ᠃ | |