ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠬᠤᠷᠢᠨᠭᠡᠷ ᠰᠢᠨ᠎ᠡ ᠲᠣᠭᠤᠷᠢᠭ ᠲᠤ ᠪᠠᠷᠢᠯᠭ᠎ᠠ ᠪᠠᠨ ᠡᠬᠢᠯᠡᠭᠦᠯᠪᠡ ᠬᠥ᠋ ᠱᠦ ᠪᠣᠣ ᠭᠠᠩ ᠬᠤᠸᠠᠩ ᡁᠢ ᠴᠢᠶᠠᠩ ᠰᠢᠷᠣᠢ ᠨᠡᠮᠡᠵᠦ ᠰᠠᠭᠤᠷᠢ ᠲᠠᠯᠪᠢᠪᠠ
ᠨᠡᠶᠢᠲᠡᠯᠡᠭᠰᠡᠨ ᠴᠠᠭ᠄
2022/9/16
    8 ᠳ᠋ᠤᠭᠠᠷ ᠰᠠᠷ᠎ᠠ ᠶᠢᠨ 2᠎ ᠤᠨ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠠᠵᠢᠯ ᠢᠶᠠᠨ ᠡᠬᠢᠯᠡᠭᠦᠯᠦᠨ ᠰᠠᠭᠤᠷᠢ ᠲᠠᠯᠪᠢᠪᠠ᠃    ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠬᠥ᠋ ᠱᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠨᠠᠷ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠭᠰᠠᠨ ᠪᠥᠭᠡᠳ ᠠᠵᠢᠯ ᠡᠬᠢᠯᠡᠭᠦᠯᠬᠦ ᠲᠥᠷᠥᠯ ᠵᠦᠢᠯ ᠳᠤ ᠰᠠᠭᠤᠷᠢ ᠲᠠᠯᠪᠢᠪᠠ᠃    ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠤᠯᠤᠰ ᠤᠨ ︽ᠵᠡᠭᠦᠨ ᠤ ᠳ᠋ᠠᠶᠢᠲ᠋ᠠ ᠶᠢ ᠪᠠᠷᠠᠭᠤᠨ ᠳᠤ ᠪᠤᠳᠤᠬᠤ︾ ᠢᠨᠵᠧᠨᠧᠷᠢᠩ ᠳᠤ ᠢᠳᠡᠪᠬᠢᠲᠡᠢ ᠠᠭᠤᠰᠤᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠲᠣᠭᠠᠴᠢᠯᠠᠭᠰᠠᠨ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ ᠡᠬᠢᠯᠡᠨ ᠪᠦᠲᠦᠭᠡᠨ ᠪᠠᠶᠢᠭᠤᠯᠤᠭᠰᠠᠨ ᠴᠢᠬᠤᠯᠠ ᠶᠡᠭᠡ ᠳ᠋ᠠᠶᠢᠲ᠋ᠠ ᠶᠢᠨ ᠲᠥᠪ ᠤᠨ ᠲᠥᠷᠥᠯ ᠵᠦᠢᠯ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 88 ᠳ᠋ᠦᠩᠰᠢᠭᠤᠷ ᠲᠥᠭᠦᠷᠢᠭ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 71 ᠲᠦᠮᠡᠨ ᠺᠦᠸᠠᠳ᠋ ᠮᠧᠳ᠋ᠷ ᠲᠤ ᠬᠦᠷᠴᠦ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠦᠢᠯᠡᠴᠢᠯᠡᠭᠡᠨ ᠤ ᠮᠠᠰᠢᠨ ᠴᠣᠭᠴᠠᠯᠠᠪᠤᠷᠢ ᠶᠢᠨ ᠴᠢᠳᠠᠪᠤᠷᠢ ᠨᠢ 30 ᠲᠦᠮᠡ ᠳᠤ ᠬᠥᠷᠥᠨ᠎ᠡ᠃ ᠲᠥᠷᠥᠯ ᠵᠦᠢᠯ ᠢ 3 ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 20.9 ᠲᠦᠮᠡᠨ ᠺᠦᠸᠠᠳ᠋ ᠮᠧᠳ᠋ᠷ ᠪᠠᠶᠢᠵᠤ᠂ 2024 ᠣᠨ ᠤ ᠡᠴᠦᠰ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃    ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠪᠠᠶᠢᠭᠤᠯᠤᠭᠳᠠᠭᠰᠠᠨ ᠤ ᠳᠠᠷᠠᠭ᠎ᠠ᠂ ᠲᠠᠷᠢᠶᠠᠯᠠᠩ ᠤᠨ ᠪᠠᠩᠬᠢ ᠶᠢᠨ ᠳ᠋ᠠᠶᠢᠲ᠋ᠠ ᠶᠢᠨ ᠲᠥᠪ ᠤᠨ ᠭᠠᠮᠰᠢᠭ ᠲᠤ ᠪᠡᠯᠡᠳᠬᠡᠬᠦ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠬᠦ᠂ ᠶᠡᠭᠡ ᠬᠡᠮᠵᠢᠶᠡᠨ ᠤ ᠳ᠋ᠠᠶᠢᠲ᠋ᠠ ᠶᠢ ᠵᠠᠳᠠᠯᠬᠤ ᠪᠠ ᠬᠠᠳᠠᠭᠠᠯᠠᠯᠲᠠ ᠶᠢᠨ ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠷᠢᠨᠭᠡᠷ ᠰᠢᠨ᠎ᠡ ᠲᠣᠭᠤᠷᠢᠭ ᠤᠨ ︽ᠳᠤᠮᠳᠠᠳᠤ ᠤᠯᠤᠰ ᠤᠨ ᠡᠭᠦᠯᠡᠨ ᠬᠥᠨᠳᠡᠢ︾ ︽ᠮᠥᠩᠭᠦᠨ ᠭᠦᠢᠯᠭᠡᠭᠡᠨ ᠤ ᠡᠭᠦᠯᠡᠨ ᠬᠥᠨᠳᠡᠢ︾᠎ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠪᠠ ᠣᠷᠣᠨ ᠤ ᠲᠥᠪ ᠤᠨ ᠳᠡᠭᠡᠳᠦ ᠲᠠᠰ ᠤᠨ ᠠᠵᠤ ᠦᠢᠯᠡᠰ ᠤᠨ ᠠᠮᠢ ᠠᠬᠤᠢ ᠶᠢᠨ ᠬᠡᠯᠬᠢᠶ᠎ᠡ ᠶᠢ ᠪᠦᠲᠦᠭᠡᠬᠦ ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠬᠤᠲᠠ ᠶᠢᠨ ᠴᠢᠳᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠤᠨ᠎ᠠ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1