ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠡᠭᠡᠷ᠎ᠡ ᠶᠢᠨ ᠠᠮᠢᠲᠠᠨ ᠢ ᠪᠥᠬᠦ ᠲᠠᠯ᠎ᠠ ᠪᠠᠷ ᠰᠠᠬᠢᠨ ᠬᠠᠮᠠᠭᠠᠯᠠᠵᠤ ᠪᠣᠢ
ᠨᠡᠶᠢᠲᠡᠯᠡᠭᠰᠡᠨ ᠴᠠᠭ᠄
2022/9/16
    ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠠᠮᠤᠷ ᠲᠦᠪᠰᠢᠨ ᠢ ᠴᠢᠩᠭ᠎ᠠ ᠬᠠᠮᠠᠭᠠᠯᠠᠬᠤ ᠶᠢᠨ ᠲᠤᠰᠠᠳᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠺᠦᠨᠯᠦ᠋ᠨ︾᠂ ︽ᠰᠡᠷᠢᠭᠦᠨ ᠰᠠᠯᠬᠢ︾᠂ ︽ᠬᠠᠪᠤᠷ ᠨᠠᠮᠤᠷ ᠤᠨ ᠤᠯᠠᠷᠢᠯ ᠳᠤ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤ ᠶᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠬᠡᠭᠡᠷ᠎ᠡ ᠶᠢᠨ ᠠᠮᠢᠲᠠᠨ ᠤ ᠰᠦᠷᠦᠭᠵᠢᠯ ᠵᠢᠴᠢ ᠲᠤᠭ᠎ᠠ ᠬᠡᠮᠵᠢᠶ᠎ᠡ ᠶᠢ ᠵᠢᠯ ᠳᠠᠷᠠᠭᠠᠯᠠᠨ ᠰᠡᠷᠭᠦᠭᠡᠨ ᠳᠡᠭᠡᠭᠰᠢᠯᠡᠭᠦᠯᠵᠦ᠂ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠳᠤ ᠬᠦᠴᠦᠨ ᠨᠡᠮᠡᠷᠢᠯᠡᠪᠡ᠃    ᠨᠢᠭᠡ ᠳᠤ᠂ ᠡᠬᠢ ᠡᠭᠦᠰᠦᠯ ᠠᠴᠠ ᠨᠢ ᠴᠣᠬᠢᠯᠲᠠ ᠥᠭᠬᠦ ᠶᠢ ᠴᠢᠩᠭᠠᠳᠬᠠᠵᠤ᠂ ︽ᠺᠦᠨᠯᠦ᠋ᠨ︾᠂ ︽ᠰᠡᠷᠢᠭᠦᠨ ᠰᠠᠯᠬᠢ︾ ᠵᠡᠷᠭᠡ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠬᠠᠷᠢᠶᠠᠲᠤ ᠣᠷᠣᠨ ᠤ ᠳᠣᠲᠣᠷᠠᠬᠢ ᠰᠢᠪᠠᠭᠤᠨ ᠤ ᠲᠣᠣᠷ ᠵᠡᠷᠭᠡ ᠬᠡᠭᠡᠷ᠎ᠡ ᠶᠢᠨ ᠠᠮᠢᠲᠠᠨ ᠢ ᠠᠩᠨᠠᠬᠤ ᠪᠠᠭᠠᠵᠢ ᠬᠡᠷᠡᠭᠰᠡᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠴᠡᠪᠡᠷᠯᠡᠨ ᠠᠷᠢᠯᠭᠠᠬᠤ ᠪᠠ ᠬᠤᠷᠢᠶᠠᠨ ᠠᠪᠴᠤ᠂ ᠲᠣᠣᠷ ᠢᠶᠠᠷ ᠠᠩᠨᠠᠬᠤ ᠵᠡᠷᠭᠡ ᠡᠯᠳᠡᠪ ᠮᠠᠭᠤ ᠠᠷᠭ᠎ᠠ ᠪᠠᠷ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠬᠦᠴᠦᠨ ᠢᠶᠠᠷ ᠢᠶᠠᠨ ᠴᠣᠬᠢᠯᠲᠠ ᠥᠭᠴᠦ᠂ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠪᠠ᠃    ᠬᠤᠶᠠᠷ ᠲᠤ᠂ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠬᠠᠮᠢᠶ᠎ᠠ ᠪᠦᠬᠦᠢ ᠴᠠᠭᠳᠠᠭᠠᠨ ᠤ ᠲᠥᠷᠥᠯ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠵᠣᠬᠢᠴᠠᠭᠤᠯᠤᠨ᠂ ᠠᠵᠢᠭᠯᠠᠬᠤ ᠴᠡᠭ ᠪᠠᠶᠢᠷᠢᠯᠠᠭᠤᠯᠬᠤ᠂ ᠬᠠᠮᠢᠶᠠᠷᠤᠨ ᠬᠠᠮᠠᠭᠠᠯᠠᠬᠤ ᠥᠷᠲᠡᠭᠡ ᠪᠠᠶᠢᠭᠤᠯᠬᠤ ᠪᠠ ᠣᠯᠠᠨ ᠴᠠᠭᠳᠠᠭᠠᠨ ᠤ ᠲᠥᠷᠥᠯ ᠣᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠴᠡᠭᠴᠡᠯᠡᠨ ᠵᠠᠰᠠᠬᠤ ᠨᠡᠶᠢᠯᠡᠮᠡᠯ ᠬᠦᠴᠦᠨ ᠢ ᠪᠠᠳᠠᠷᠠᠭᠤᠯᠤᠨ᠂ ᠴᠡᠭ ᠢᠶᠠᠷ ᠲᠠᠯᠠᠪᠠᠢ ᠶᠢ ᠳᠠᠶᠢᠴᠢᠯᠠᠵᠤ᠂ ᠱᠤᠭᠤᠮ ᠢᠶᠠᠷ ᠲᠠᠯᠠᠪᠠᠢ ᠶᠢ ᠬᠠᠮᠠᠭᠠᠯᠠᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠪᠠ᠃ ᠬᠤᠭᠤᠯᠠᠨ ᠭᠡᠷ᠂ ᠴᠡᠴᠡᠭ ᠰᠢᠪᠠᠭᠤᠨ ᠤ ᠵᠠᠬ᠎ᠠ ᠳᠡᠯᠭᠡᠭᠦᠷ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠭᠴᠤᠭ᠎ᠠ ᠶᠢᠨ ᠬᠠᠤᠯᠢ ᠬᠡᠷᠡᠭᠵᠢᠭᠦᠯᠵᠦ ᠬᠠᠮᠲᠤᠷᠠᠨ ᠪᠠᠶᠢᠴᠠᠭᠠᠬᠤ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠵᠢᠴᠢ ᠪᠦᠲᠦᠭᠡᠭᠳᠡᠬᠦᠨ ᠤ ᠰᠦᠯᠵᠢᠶᠡᠨ ᠤ ᠭᠠᠳᠠᠨᠠᠬᠢ ᠰᠣᠯᠢᠯᠴᠠᠭᠠᠨ ᠤ ᠮᠡᠳᠡᠭᠡ ᠵᠠᠩᠭᠢ ᠶᠢ ᠨᠢᠭᠲᠠ ᠮᠥᠷᠳᠡᠵᠦ᠂ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠵᠥᠭᠡᠭᠡᠪᠦᠷᠢᠯᠡᠬᠦ ᠪᠠ ᠡᠵᠡᠩᠨᠡᠬᠦ ᠬᠠᠷ᠎ᠠ ᠭᠢᠨᠵᠢ ᠶᠢ ᠲᠠᠰᠤᠯᠪᠠ᠃    ᠭᠤᠷᠪᠠ ᠳᠤ᠂ ᠭᠤᠣᠯᠳᠠᠯᠭ᠎ᠠ ᠶᠢ ᠲᠣᠪᠤᠶᠢᠯᠭᠠᠨ ᠲᠣᠭᠤᠷᠢᠨ ᠪᠠᠶᠢᠴᠠᠭᠠᠵᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠵᠢᠯᠴᠠᠨ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ᠂ ᠦᠷᠡᠵᠢᠯ ᠤᠨ ᠭᠠᠵᠠᠷ ᠵᠡᠷᠭᠡ ᠨᠡᠭᠦᠳᠡᠯᠯᠡᠬᠦ ᠵᠠᠮ ᠤᠨ ᠣᠷᠣᠨ ᠪᠦᠰᠡ᠂ ᠣᠨᠴᠠᠭᠠᠶᠢᠯᠠᠨ ᠬᠠᠳᠤᠨ ᠭᠤᠣᠯ ᠤᠨ ᠰᠠᠪᠠ ᠭᠠᠵᠠᠷ᠂ ︽ᠬᠥᠯᠥᠨ ᠨᠠᠭᠤᠷ᠂ ᠲᠠᠶᠢᠭ᠎ᠠ ᠶᠢᠨ ᠨᠠᠭᠤᠷ᠂ ᠤᠯᠠᠭᠠᠨᠰᠤᠬᠠᠢ︾ ᠵᠡᠷᠭᠡ ᠣᠷᠣᠨ ᠪᠦᠰᠡ ᠶᠢ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠪᠠ᠃    ᠳᠥᠷᠪᠡ ᠳᠤ᠂ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠵᠡᠷᠭᠡ ᠪᠠᠶᠢᠳᠠᠯ ᠢ ᠨᠢᠭᠲᠠ ᠬᠢᠨᠠᠨ ᠡᠵᠡᠮᠳᠡᠵᠦ᠂ ᠪᠡᠶ᠎ᠡ ᠮᠠᠭᠤᠲᠠᠢ᠂ ᠰᠢᠷᠬᠠᠲᠤᠵᠤ ᠡᠪᠡᠳᠴᠢᠯᠡᠭᠰᠡᠨ ᠬᠡᠭᠡᠷ᠎ᠡ ᠶᠢᠨ ᠠᠮᠢᠳᠠᠨ ᠢ ᠠᠪᠤᠷᠠᠨ ᠲᠤᠰᠠᠯᠠᠬᠤ ᠶᠢ ᠴᠢᠩᠭᠠᠳᠬᠠᠪᠠ᠃    ᠲᠠᠪᠤ ᠳᠤ᠂ ᠬᠢᠵᠢᠭ ᠢ ᠴᠢᠩᠭ᠎ᠠ ᠰᠡᠷᠭᠡᠶᠢᠯᠡᠵᠦ᠂ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠯᠦᠭᠡ ᠵᠣᠬᠢᠴᠠᠭᠤᠯᠤᠨ ᠬᠠᠮᠵᠢᠯᠴᠠᠵᠤ᠂ ᠬᠠᠷᠢᠶᠠᠲᠤ ᠣᠷᠣᠨ ᠤ ᠳᠣᠲᠣᠷᠠᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠠᠪᠤᠷᠠᠨ ᠲᠤᠰᠠᠯᠠᠬᠤ ᠵᠢᠴᠢ ᠬᠢᠵᠢᠭ ᠢ ᠪᠠᠶᠢᠴᠠᠭᠠᠨ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠪᠡ᠃ ᠢᠳᠡᠰᠢᠯᠡᠬᠦ ᠭᠠᠵᠠᠷ ᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ᠂ ᠬᠡᠭᠡᠷ᠎ᠡ ᠶᠢᠨ ᠠᠮᠢᠲᠠᠨ ᠤ ᠬᠢᠵᠢᠭ ᠡᠭᠦᠰᠬᠦ ᠶᠢ ᠰᠡᠷᠭᠡᠶᠢᠯᠡᠪᠡ᠃    ᠵᠢᠷᠭᠤᠭ᠎ᠠ ᠳᠤ᠂ ᠥᠷᠭᠡᠨ ᠢᠶᠠᠷ ᠤᠬᠠᠭᠤᠯᠤᠨ ᠲᠠᠶᠢᠴᠢᠯᠠᠵᠦ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠪᠠ ᠭᠡᠷᠡᠯ ᠵᠢᠷᠤᠭ ᠤᠨ ᠦᠵᠡᠭᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ᠂ ᠴᠠᠭᠳᠠᠭ᠎ᠠ ᠠᠷᠠᠳ ᠤᠨ ᠬᠠᠷᠢᠯᠴᠠᠬᠤ ᠺᠠᠷᠲ ᠢ ᠲᠠᠷᠬᠠᠭᠠᠬᠤ ᠵᠡᠷᠭᠡ ᠬᠡᠯᠪᠡᠷᠢ ᠶᠢ ᠠᠰᠢᠭᠯᠠᠵᠤ᠂ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠨᠡᠶᠢᠭᠡᠮ ᠨᠡᠶᠢᠲᠡ ᠳᠤ ᠥᠷᠭᠡᠨ ᠢᠶᠠᠷ ᠤᠬᠠᠭᠤᠯᠪᠠ᠃     
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1