ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠠᠵᠢᠯᠲᠠᠨ ᠡᠯᠰᠡᠬᠦ ᠲᠤᠰᠬᠠᠢ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2022/9/2
    8 ᠰᠠᠷ᠎ᠠ ᠶᠢᠨ 31᠎ ᠤ ᠡᠳᠦᠷ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠠᠵᠢᠯᠲᠠᠨ ᠡᠯᠰᠡᠬᠦ ᠲᠤᠰᠬᠠᠢ ᠴᠤᠭᠯᠠᠭᠠᠨ ᠡᠷᠭᠢᠯᠡᠵᠦ᠂ ᠠᠵᠤ ᠠᠬᠤᠶᠢᠯᠠᠯ ᠤᠨ ᠠᠵᠢᠯᠲᠠᠨ ᠡᠯᠰᠡᠵᠦ ᠬᠡᠷᠡᠭᠯᠡᠬᠦ ᠳᠤ ᠢᠳᠡᠪᠬᠢᠲᠡᠢ ᠪᠠᠷ ᠲᠠᠪᠴᠠᠩ ᠪᠠᠶᠢᠭᠤᠯᠤᠨ ᠥᠭᠴᠦ᠂ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠎ ᠢᠶᠠᠨ ᠪᠥᠬᠦ ᠲᠠᠯ᠎ᠠ ᠪᠠᠷ ᠴᠢᠩᠭᠠᠳᠬᠠᠪᠠ᠃
 1_副本.jpg
2_副本.jpg
3_副本.jpg
       ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠎ ᠨᠢ ᠭᠤᠣᠯᠳᠠᠭᠤ ᠲᠤᠬᠠᠢ ᠶᠢᠨ ᠭᠠᠵᠠᠷ ᠎ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠎ ᠠᠴᠠ ᠲᠡᠭᠦᠰᠬᠦ ᠰᠤᠷᠤᠭᠴᠢᠳ  ᠂ ᠲᠡᠭᠦᠰᠦᠭᠰᠡᠨ ᠰᠤᠷᠤᠭᠴᠢᠳ ᠪᠣᠯᠤᠨ ᠲᠤᠰᠬᠠᠢ ᠮᠡᠷᠭᠡᠵᠢᠯ ᠤᠨ ᠬᠦᠮᠦᠰ ᠲᠤ ᠬᠠᠨᠳᠤᠭᠤᠯᠵᠠᠢ᠃ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠠᠴᠠ ᠠᠵᠤ ᠦᠢᠯᠡᠰ ᠤᠨ ᠬᠦᠷᠢᠶᠡᠯᠡᠩ ᠳᠠᠬᠢ ᠢ ᠫᠢᠨ ᠠᠮᠢᠳᠤ ᠪᠣᠳᠠᠰ ᠂ ᠳ᠋ᠠ ᠳ᠋ᠢ ᠶᠦᠨ ᠲᠢᠶᠠᠨ ᠂ ᠿᠥᠢ ᠶᠠᠩ ᠬᠢᠮᠢ ᠶᠢᠨ ᠠᠵᠤ ᠦᠢᠯᠡᠳᠪᠦᠷᠢ ᠂ ᠫᠥ᠋ ᠶᠢᠨ ᠡᠮ ᠤᠨ ᠦᠢᠯᠡᠰ ᠂ ᠺᠠᠩ ᠫᠥ᠋ ᠡᠮ ᠤᠨ ᠦᠢᠯᠡᠰ ᠂ ᠯᠢ ᠠᠨ ᠯᠦᠩ ᠵᠡᠷᠭᠡ 17 ᠣᠷᠣᠵᠤ ᠰᠠᠭᠤᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠣᠷᠣᠯᠴᠠᠭᠤᠯᠵᠤ ᠂ ᠦᠢᠯᠡᠳᠪᠦᠷᠢ ᠶᠢᠨ ᠲᠠᠰᠤᠭ ᠤᠨ ᠠᠵᠢᠯᠯᠠᠭᠴᠢ ᠂ ᠮᠡᠷᠭᠡᠵᠢᠯᠲᠡᠨ ᠂ ᠠᠮᠤᠷ ᠲᠦᠪᠰᠢᠨ ᠤ ᠠᠵᠢᠯᠲᠠᠨ ᠵᠡᠷᠭᠡ ᠠᠵᠢᠯ ᠤᠨ ᠪᠠᠶᠢᠷᠢ ᠶᠢ ᠵᠠᠭᠤ ᠰᠢᠬᠠᠮ ᠬᠠᠩᠭᠠᠵᠤ ᠂ ᠲᠤᠬᠠᠢ ᠶᠢᠨ ᠭᠠᠵᠠᠷ ᠪᠣᠯᠤᠨ ᠡᠷᠭᠢᠨ ᠲᠣᠭᠤᠷᠢᠨ ᠤ 300 ᠭᠠᠷᠤᠢ  ᠬᠦᠮᠦᠰ ᠢᠷᠡᠵᠦ ᠣᠷᠤᠯᠴᠠᠨ᠂ ᠴᠣᠭᠯᠠᠭᠠᠨ ᠤ ᠠᠬᠤᠢ ᠲᠠᠯᠠᠪᠤᠷ ᠲᠤ 11 ᠬᠥᠮᠥᠨ ᠭᠡᠷ᠎ᠡ ᠲᠣᠭᠲᠠᠵᠤ ᠂ 190 ᠬᠥᠮᠥᠨ ᠨᠢᠭᠤᠷᠳᠠᠨ ᠰᠢᠯᠭᠠᠯᠲᠠ ᠳᠤ ᠣᠷᠤᠯᠴᠠᠬᠤ ᠪᠠᠷ ᠲᠣᠬᠢᠷᠠᠯᠴᠠᠵᠠᠢ ᠃    ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠎ ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠬᠡᠷᠡᠭᠴᠡᠭᠡ ᠶᠢ ᠭᠦᠢᠴᠡᠳ ᠡᠵᠡᠮᠰᠢᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠵᠦ᠂ ᠠᠵᠤ ᠠᠬᠤᠶᠢᠯᠠᠯ ᠪᠣᠯᠣᠨ ᠠᠵᠢᠯ ᠡᠷᠢᠭᠰᠡᠳ ᠎ ᠢ ᠣᠶᠢᠷᠠᠲᠤᠭᠤᠯᠤᠨ ᠥᠭᠴᠦ᠂ ᠪᠥᠬᠦ ᠲᠣᠭᠤᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠠᠵᠢᠯ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠪᠣᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1