ᠲᠤᠬᠠᠶ ᠶᠢᠨ ᠭᠠᠵᠠᠷ ᠤᠨ ᠴᠠᠭ ᠢᠶᠠᠷ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠰᠠᠮᠠᠷᠺᠠᠨᠳ᠋ ᠲᠠᠬᠢ ᠲᠥᠷᠥ ᠶᠢᠨ ᠵᠣᠴᠢᠳ ᠤᠨ ᠪᠠᠭᠤᠳᠠᠯ ᠳᠤ ᠣᠷᠣᠰ ᠤᠨ ᠶᠡᠷᠦᠩᠬᠡᠶᠢᠯᠡᠭᠴᠢ ᠫᠦᠲ᠋ᠢᠨ᠂ ᠮᠣᠩᠭᠤᠯ | ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ ᠲᠠᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠲᠡᠷᠢᠭᠦᠨ ᠤ | ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠬᠢᠪᠠ᠃ | ᠰᠢ ᠶᠢᠨ ᠫᠢᠩ᠂ ᠳᠤᠮᠳᠠᠳᠤ ᠤᠷᠤᠰ ᠮᠣᠩᠭᠤᠯ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠳᠤ ᠬᠦᠴᠦᠷᠬᠡᠭ ᠶᠡᠭᠡ | ᠳᠣᠲᠣᠭᠠᠳᠤ ᠬᠥᠳᠡᠯᠭᠡᠬᠦ ᠬᠦᠴᠦᠨ ᠪᠠ ᠬᠥᠭᠵᠢᠯᠲᠡ ᠶᠢᠨ ᠤᠶᠠᠨ ᠬᠠᠳᠠᠨ ᠴᠢᠨᠠᠷ ᠲᠠᠢ ᠶᠤᠮ᠃ ᠬᠡᠳᠦ᠋ᠢᠪᠡᠷ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠨᠥᠯᠥᠭᠡ ᠳᠤ ᠤᠴᠠᠷᠠᠭᠰᠠᠨ ᠪᠣᠯᠪᠠᠴᠤ ᠭᠤᠷᠪᠠᠨ ᠲᠠᠯ᠎ᠠ ᠶᠢᠨ | ᠬᠠᠮᠲᠤᠷᠠᠯᠴᠠᠭᠠᠨ ᠤ ᠠᠯᠬᠤᠭ᠎ᠠ ᠶᠡᠷᠦ ᠠᠴᠠ ᠵᠣᠭᠰᠣᠭᠰᠠᠨ ᠦᠭᠡᠢ᠂ ᠣᠯᠤᠭᠰᠠᠨ ᠠᠮᠵᠢᠯᠲᠠ ᠨᠢ ᠨᠤᠲᠠᠯᠠᠭᠤᠰᠢᠲᠠᠢ ᠶᠤᠮ᠃ | ᠪᠢᠳᠡ ᠭᠠᠷ ᠬᠤᠯᠪᠣᠨ ᠬᠢᠵᠢᠭ ᠲᠠᠢ ᠲᠡᠮᠡᠴᠡᠵᠦ᠂ ᠬᠠᠮᠤᠭ ᠤᠨ ᠲᠦᠷᠦᠭᠦᠨ ᠳᠤ ᠬᠢᠵᠢᠭ ᠲᠠᠢ ᠲᠡᠮᠡᠴᠡᠬᠦ ᠡᠳ᠋ ᠪᠣᠳᠠᠰ ᠢᠶᠠᠷ | ᠬᠠᠷᠢᠯᠴᠠᠨ ᠲᠤᠰᠠᠯᠠᠯᠴᠠᠵᠤ᠂ ᠬᠢᠵᠢᠭ ᠲᠠᠢ ᠲᠡᠮᠡᠴᠡᠭᠰᠡᠨ ᠲᠤᠷᠰᠢᠯᠭ᠎ᠠ ᠪᠠᠨ ᠥᠴᠦᠬᠡᠨ ᠴᠦ ᠬᠠᠷᠠᠮ ᠦᠭᠡᠢ ᠬᠤᠪᠢᠶᠠᠯᠴᠠᠵᠤ᠂ | ᠭᠤᠷᠪᠠᠨ ᠤᠯᠤᠰ ᠤᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠲᠤ ᠪᠠᠷ ᠬᠠᠮᠠᠭᠠᠯᠠᠪᠠ᠃ ᠪᠢᠳᠡ ︽ᠡᠭᠦᠯᠡᠨ | ᠰᠣᠯᠢᠯᠴᠠᠭ᠎ᠠ︾ ᠥᠷᠨᠢᠭᠦᠯᠵᠦ᠂ ᠶᠠᠪᠤᠯᠴᠠᠭᠠᠨ ᠤ ᠬᠠᠯᠠᠮᠰᠢᠯ ᠢ ᠪᠠᠲᠤᠯᠠᠵᠤ᠂ ᠠᠷᠠᠳ ᠤᠨ ᠰᠡᠳᠭᠢᠯ ᠤᠨ ᠨᠡᠪᠲᠡᠷᠡᠯᠴᠡᠭᠡ ᠶᠢᠨ | ᠬᠤᠯᠪᠣᠭᠠᠰᠤ ᠨᠡᠩ ᠨᠢᠭᠲᠠ ᠪᠣᠯᠵᠠᠢ᠃ ᠪᠢᠳᠡ ᠬᠢᠯᠢ ᠬᠢᠵᠠᠭᠠᠷ ᠣᠷᠣᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢᠨ ᠲᠣᠭᠲᠠᠭᠤᠨ | ᠪᠥᠭᠡᠳ ᠰᠠᠭᠠᠳ ᠥᠬᠡᠶ ᠪᠠᠶᠢᠬᠤ ᠶᠢ ᠠᠬᠢᠭᠤᠯᠵᠤ᠂ ᠭᠤᠷᠪᠠᠨ ᠤᠯᠤᠰ ᠢᠶᠠᠷ ᠥᠩᠭᠡᠷᠡᠬᠦ ᠬᠢᠯᠢ ᠠᠯᠤᠰᠯᠠᠭᠰᠠᠨ | ᠲᠡᠭᠡᠭᠡᠪᠦᠷᠢ ᠶᠢᠨ ᠠᠽᠢᠶ᠎ᠠ ᠲᠢᠪ ᠤᠨ ᠵᠠᠰᠠᠮᠠᠯ ᠵᠠᠮ ᠤᠨ ᠲᠤᠤᠷ ᠢ ᠠᠬᠢᠭᠤᠯᠤᠭᠰᠠᠨ ᠦᠷ᠎ᠡ ᠪᠦᠲᠦᠮᠵᠢ ᠢᠯᠡᠷᠬᠡᠢ ᠪᠠᠶᠢᠨ᠎ᠠ | ᠭᠡᠵᠤ ᠵᠢᠭᠠᠵᠤ ᠭᠠᠷᠭᠠᠵᠠᠢ᠃ | ᠰᠢ ᠶᠢᠨ ᠫᠢᠩ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠶ ᠳᠥᠷᠪᠡᠨ ᠰᠠᠨᠠᠭᠤᠯᠭ᠎ᠠ | ᠳᠤᠷᠠᠳᠪᠠ᠃ | ᠨᠢᠭᠡ ᠳᠤ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠪᠠᠲᠤ ᠡᠵᠡᠮᠳᠡᠵᠦ᠂ ᠤᠯᠤᠰ ᠲᠦᠷᠦ ᠶᠢᠨ | ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ | ᠠᠰᠢᠭ ᠲᠤᠰᠠ ᠶᠢ ᠬᠦᠨᠳᠦᠳᠭᠡᠵᠦ᠂ ᠲᠤᠰ ᠲᠤᠰ ᠤᠨ ᠢᠶᠠᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ | ᠬᠠᠷᠠᠭᠠᠯᠵᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ | ᠴᠢᠩᠭᠠᠳᠬᠠᠶ᠎ᠠ᠃ | ᠬᠤᠶᠠᠷ ᠲᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠳᠦᠭᠦᠪᠴᠢ ᠲᠦᠰᠦᠪ ᠤᠨ | ᠳᠣᠲᠣᠷᠠᠬᠢ ᠬᠠᠮᠲᠤᠷᠠᠯᠴᠠᠭ᠎ᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ | ᠬᠠᠮᠲᠤᠷᠠᠯᠴᠠᠭᠠᠨ ᠤ ᠲᠠᠪᠴᠠᠩ᠂ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠬᠦ ᠨᠡᠮᠡᠭᠳᠡᠯ ᠤᠨ ᠲᠠᠪᠴᠠᠩ ᠢ ᠬᠠᠮᠲᠤ ᠪᠠᠷ | ᠴᠣᠭᠴᠠᠯᠠᠶ᠎ᠠ᠃ | ᠭᠤᠷᠪᠠ ᠳᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ | ᠰᠠᠶᠢᠲᠤᠷ ᠨᠠᠶᠢᠳᠠᠪᠤᠷᠢᠵᠢᠭᠤᠯᠬᠤ ᠳᠤ ᠨᠢᠭᠡᠨᠲᠡ ᠬᠠᠮᠲᠤ ᠶᠢᠨ ᠲᠠᠨᠢᠯᠲᠠ ᠲᠠᠢ ᠪᠣᠯᠵᠣ᠂ ᠬᠥᠷᠰᠢ ᠵᠡᠷᠭᠡᠯᠡᠳᠡᠭᠡ ᠭᠠᠵᠠᠷ | ᠣᠷᠣᠨ ᠤ ᠠᠵᠤ ᠠᠬᠤᠶ ᠠᠷᠠᠯᠵᠢᠶ᠎ᠠ᠂ ᠰᠣᠶᠣᠯ ᠢᠷᠭᠡᠨᠰᠢᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ ᠠᠬᠢᠭᠤᠯᠵᠤ᠂ ᠭᠤᠷᠪᠠᠨ ᠤᠯᠤᠰ ᠤᠨ ᠦᠶ᠋ᠯᠡᠳᠪᠦᠷᠢ ᠬᠤᠳᠠᠯᠳᠤᠭᠠᠨ ᠤ | ᠡᠲᠡᠭᠡᠳ ᠲᠤ ᠦᠷᠭᠦᠯᠵᠢᠯᠡᠨ ᠴᠢᠨᠠᠷ ᠰᠠᠶᠢᠲᠠᠶ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠭᠦᠶ᠎ᠠ᠃ | ᠳᠥᠷᠪᠡ ᠳᠤ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠨᠠᠩ ᠣᠯᠠᠨ ᠦᠷ᠎ᠡ ᠪᠦᠲᠦᠭᠡᠯ ᠢ ᠪᠤᠶᠢᠵᠢᠭᠤᠯᠵᠤ᠂ | ᠬᠤᠭᠤᠷᠣᠨᠳᠣᠬᠢ ᠠᠷᠠᠯᠵᠢᠶᠠᠨ ᠤ ᠳᠡᠪᠢᠰᠭᠡᠷᠲᠦ ᠵᠣᠭᠤᠰ ᠢᠶᠠᠷ ᠲᠠᠰᠤᠯᠤᠨ ᠪᠤᠳᠤᠬᠤ ᠬᠡᠪᠴᠢᠶ᠎ᠡ ᠶᠢ ᠥᠷᠭᠡᠳᠭᠡᠬᠦ ᠶᠢ ᠳᠡᠮᠵᠢᠵᠦ | ᠂ ᠣᠷᠣᠰ ᠪᠣᠯᠤᠨ ᠮᠣᠩᠭᠤᠯ ᠤᠯᠤᠰ ᠤᠨ ᠨᠠᠩ ᠣᠯᠠᠨ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠠᠷᠠᠳ ᠤᠨ | ᠵᠣᠭᠤᠰ ᠤᠨ ᠬᠢᠯᠢ ᠠᠯᠤᠰᠯᠠᠨ ᠲᠣᠭᠠᠴᠠᠭ᠎ᠠ ᠬᠢᠬᠦ ᠰᠢᠰᠲ᠋ᠧᠮ ᠳᠤ ᠣᠷᠣᠯᠴᠠᠬᠤ ᠶᠢ ᠪᠠᠶᠠᠷᠯᠠᠨ ᠤᠭᠲᠤᠵᠤ᠂ ᠭᠠᠵᠠᠷ ᠣᠷᠣᠨ ᠤ | ᠮᠥᠩᠭᠦᠨ ᠭᠦᠶ᠋ᠯᠭᠡᠭᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠶ᠎ᠠ᠃ | ᠫᠦᠲ᠋ᠢᠨ᠂ ᠣᠷᠣᠰ ᠳᠤᠮᠳᠠᠳᠤ ᠮᠣᠩᠭᠤᠯ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠣᠯᠵᠤ᠂ | ᠢᠯᠡᠳᠲᠡ ᠬᠠᠷᠢᠯᠴᠠᠨ ᠠᠰᠢᠭᠲᠠᠶ ᠰᠢᠨᠵᠢ ᠴᠢᠨᠠᠷ ᠲᠠᠢ ᠪᠠᠶᠢᠵᠤ᠂ ᠬᠤᠭᠤᠷᠣᠨᠳᠣᠬᠢ ᠬᠠᠷᠢᠯᠴᠠᠭᠠᠨ ᠤ ᠬᠥᠭᠵᠢᠯᠲᠡ ᠳᠤ | ᠨᠡᠮᠡᠯᠲᠡ ᠥᠷᠲᠡᠭ ᠨᠡᠮᠡᠭᠳᠡᠭᠦᠯᠪᠡ᠃ ᠭᠤᠷᠪᠠᠨ ᠤᠯᠤᠰ ᠬᠥᠷᠰᠢ ᠤᠯᠤᠰ ᠪᠣᠯᠤᠭᠰᠠᠨ ᠤ ᠬᠤᠪᠢ ᠳᠤ᠂ ᠬᠠᠷᠢᠯᠴᠠᠨ | ᠣᠶᠢᠯᠠᠭᠠᠯᠴᠠᠵᠤ᠂ ᠬᠠᠷᠢᠯᠴᠠᠨ ᠲᠡᠮᠵᠢᠵᠤ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠪᠠᠬᠢᠵᠢᠭᠦᠯᠦᠨ | ᠠᠬᠢᠭᠤᠯᠪᠠᠯ ᠵᠣᠬᠢᠨ᠎ᠠ᠃ ᠭᠤᠷᠪᠠᠨ ᠤᠯᠤᠰ ᠤᠨ ᠠᠵᠤ ᠠᠬᠤᠶᠢᠯᠠᠯᠲᠠᠳ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠬᠤ ᠶᠢ ᠵᠣᠷᠢᠭᠵᠢᠭᠤᠯᠤᠨ ᠳᠡᠮᠵᠢᠵᠦ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ᠂ ᠬᠢᠯᠢ ᠠᠯᠤᠰᠯᠠᠭᠰᠠᠨ | ᠲᠡᠭᠡᠭᠡᠪᠦᠷᠢ᠂ ᠡᠨᠧᠷᠭᠢ᠂ ᠳᠡᠭᠡᠳᠦ ᠰᠢᠨ᠎ᠡ ᠮᠡᠷᠭᠡᠵᠢᠯ᠂ ᠵᠢᠭᠤᠯᠴᠢᠯᠠᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢᠨ ᠨᠠᠩ ᠣᠯᠠᠨ ᠪᠣᠳᠠᠲᠤ ᠠᠬᠢᠴᠠ ᠲᠠᠢ ᠪᠣᠯᠬᠤ ᠶᠢ ᠠᠬᠢᠭᠤᠯᠪᠠᠯ ᠵᠣᠬᠢᠨ᠎ᠠ ᠭᠡᠵᠦ ᠢᠯᠡᠳᠭᠡᠪᠡ᠃ | ᠬᠦᠷᠡᠯᠰᠦ᠋ᠭᠡ᠂ ᠳᠤᠮᠳᠠᠳᠤ ᠤᠷᠤᠰ ᠬᠤᠶᠠᠷ ᠤᠯᠤᠰ ᠯᠤᠭ᠎ᠠ ᠶᠢᠨ ᠡᠶᠡᠯᠳᠡᠭ ᠬᠥᠷᠰᠢ ᠶᠢᠨ ᠨᠥᠬᠦᠷᠰᠡᠭ | ᠬᠠᠮᠲᠤᠷᠠᠯᠴᠠᠭ᠎ᠠ ᠪᠠᠨ ᠬᠥᠭᠵᠢᠭᠦᠯᠬᠦ ᠪᠣᠯ ᠮᠣᠩᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠴᠢᠭᠯᠡᠯ | ᠪᠣᠯᠤᠨ᠎ᠠ᠃ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ᠂ ᠮᠣᠩᠭᠤᠯ ᠳᠤᠮᠳᠠᠳᠤ ᠤᠷᠤᠰ ᠭᠤᠷᠪᠠᠨ | ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠨᠢ ᠨᠡᠩ ᠴᠢᠬᠤᠯᠠ ᠶᠤᠮ᠃ ᠮᠣᠩᠭᠤᠯ ᠤᠯᠤᠰ ᠳᠤᠷᠠᠲᠠᠶ᠎ᠠ ᠳᠤᠮᠳᠠᠳᠤ᠂ | ᠤᠷᠤᠰ ᠯᠤᠭ᠎ᠠ ᠤᠯᠤᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠪᠣᠯᠤᠨ ᠭᠤᠷᠪᠠᠨ ᠲᠠᠯ᠎ᠠ ᠶᠢᠨ ᠠᠷᠠᠯᠵᠢᠶ᠎ᠠ᠂ ᠪᠡᠯᠡ | ᠣᠷᠣᠭᠤᠯᠤᠯᠲᠠ᠂ ᠣᠷᠴᠢᠨ ᠲᠣᠭᠤᠷᠢᠨ᠂ ᠡᠨᠧᠷᠭᠢ᠂ ᠲᠡᠮᠦᠷ ᠵᠠᠮ᠂ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ | ᠴᠥᠮ ᠢᠳᠡᠪᠬᠢᠲᠡᠢ ᠠᠬᠢᠴᠠ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠭᠡᠪᠡ᠃ | ᠭᠤᠷᠪᠠᠨ ᠲᠠᠯ᠎ᠠ ᠪᠠᠷ ᠢᠶᠠᠨ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠢ ᠪᠥᠲᠥᠭᠡᠨ | ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ︾ ᠶᠢ 5 ᠵᠢᠯ ᠤᠷᠲᠤᠳᠬᠠᠵᠤ᠂ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠤᠨ ᠳᠤᠮᠳᠠ ᠱᠤᠭᠤᠮ ᠤᠨ ᠲᠡᠮᠦᠷ ᠵᠠᠮ ᠢ ᠲᠠᠰ ᠳᠡᠪᠰᠢᠭᠦᠯᠦᠨ ᠥᠭᠡᠷᠡᠴᠢᠯᠡᠬᠦ ᠪᠠ ᠬᠥᠭᠵᠢᠭᠦᠯᠬᠦ | ᠪᠣᠯᠤᠮᠵᠢᠲᠤ ᠴᠢᠨᠠᠷ ᠤᠨ ᠰᠤᠳᠤᠯᠭᠠᠨ ᠢ ᠵᠢᠩᠬᠢᠨᠢ ᠪᠠᠷ ᠡᠬᠢᠯᠡᠭᠦᠯᠵᠦ᠂ ᠳᠤᠮᠳᠠᠳᠤ ᠣᠷᠣᠰ ᠤᠨ ᠪᠠᠶᠢᠭᠠᠯᠢ ᠶᠢᠨ ᠰᠢᠲᠠᠮᠠᠬᠠᠶ | ᠬᠡᠶ ᠶᠢᠨ ᠬᠤᠭᠤᠯᠠᠶ ᠶᠢ ᠮᠣᠩᠭᠤᠯ ᠤᠯᠤᠰ ᠤᠨ ᠬᠢᠯᠢ ᠪᠠᠷ ᠦᠩᠬᠡᠷᠡᠬᠦ ᠤᠬᠰᠠᠷᠠᠬᠤ ᠲᠥᠷᠥᠯ ᠵᠦᠶ᠋ᠯ ᠢ ᠢᠳᠡᠪᠬᠢᠲᠡᠶ | ᠠᠬᠢᠭᠤᠯᠬᠤ ᠪᠠᠷ ᠵᠥᠪᠳᠡᠨ ᠲᠣᠭᠲᠠᠪᠠ᠃ | ᠳ᠋ᠢᠩ ᠰᠢᠤᠸᠠᠢ ᠰᠢᠶᠠᠩ᠂ ᠶᠠᠩ ᠵᠢᠶᠧ ᠤᠤᠢ᠂ ᠸᠠᠩ ᠢ᠂ ᠡᡁᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ᠃ | |