ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/9/22
    ᠣᠳᠣᠬᠠᠨ ᠳᠤ᠂ ᠤᠯᠠᠭᠠᠨᠬᠠᠳᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠵᠤ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ 4 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠲᠠᠢ ᠬᠤᠯᠪᠤᠭᠠᠯᠠᠨ ᠪᠥᠬᠦ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ ᠃
1_副本.jpg
         ᠪᠠᠶᠢᠴᠠᠭᠠᠯᠲᠠ ᠶᠢᠨ ᠠᠭᠤᠯᠭ᠎ᠠ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠪᠣᠯᠣᠨ᠎ᠠ᠄ ᠡᠵᠡᠩᠨᠡᠯᠲᠡ ᠶᠢᠨ ᠠᠵᠤ ᠠᠬᠤᠶᠢᠯᠠᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠱᠠᠭᠠᠷᠳᠠᠵᠤ᠂ ᠠᠵᠢᠯᠯᠠᠭᠰᠠᠳ ᠤᠨ ᠠᠮᠠᠪᠴᠢ ᠵᠡᠭᠦᠨ ᠠᠵᠢᠯ ᠤᠨ ᠪᠠᠶᠢᠷᠢ ᠳᠤ ᠪᠠᠨ ᠭᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠷᠪᠠᠨ ᠳᠠᠩᠰᠠ ᠲᠡᠮᠳᠡᠭᠯᠡᠯ ᠢ ᠲᠡᠭᠦᠯᠳᠡᠷᠵᠢᠭᠦᠯᠵᠦ᠂ ᠢᠯᠡ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠵᠠᠷᠯᠠᠯ ᠨᠠᠭᠠᠬᠤ ᠶᠢ ᠬᠢᠨᠠᠨ ᠱᠠᠭᠠᠷᠳᠠᠭᠰᠠᠨ ᠤ ᠬᠠᠮᠲᠤ ᠠᠵᠤ ᠠᠬᠤᠶᠢᠯᠠᠯ ᠢ ᠣᠯᠠᠨ ᠠᠷᠭ᠎ᠠ ᠵᠠᠮ ᠢᠶᠠᠷ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
2_副本.jpg
        ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠬᠤᠳᠠᠯᠳᠤᠭᠠᠨ ᠤ ᠲᠠᠯᠠᠪᠤᠷ᠂ ᠴᠢᠯᠥᠭᠡᠲᠦ ᠳᠡᠯᠭᠡᠭᠦᠷ᠂ ᠲᠦᠷᠭᠡᠨ ᠭᠤᠪᠢᠭᠤᠯᠭ᠎ᠠ ᠶᠢᠨ ᠠᠵᠤ ᠠᠬᠤᠶᠢᠯᠠᠯ ᠤᠨ ᠣᠯᠠᠩᠬᠢ ᠨᠢ ᠴᠥᠮ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ ᠪᠠᠶᠢᠪᠠᠴᠤ ᠴᠥᠭᠡᠨ ᠲᠣᠭᠠᠨ ᠤ ᠬᠤᠳᠠᠯᠳᠤᠭᠠᠨ ᠤ ᠡᠷᠦᠬᠡ ᠎ ᠶᠢᠨ ᠬᠢᠵᠢᠭ ᠢ ᠰᠡᠷᠭᠡᠶᠢᠯᠡᠬᠦ ᠠᠵᠢᠯ ᠳᠤ ᠮᠢᠨᠴᠥᠭᠦᠷᠡᠮᠡᠯ᠂ ᠪᠣᠯᠭᠤᠮᠵᠢ ᠦᠭᠡᠢ ᠪᠠᠶᠢᠬᠤ ᠦᠵᠡᠭᠳᠡᠯ ᠣᠷᠤᠰᠢᠵᠤ᠂ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤᠨᠢ ᠰᠡᠷᠡᠮᠵᠢᠯᠡᠭᠦᠯᠥᠯ ᠥᠭᠴᠦ᠂ ᠳᠠᠷᠤᠢ ᠬᠡᠷᠡᠭᠵᠢᠭᠦᠯᠵᠦ ᠳᠠᠷᠤᠢ  ᠥᠭᠡᠷᠡᠴᠢᠯᠡᠬᠦ ᠶᠢ ᠵᠠᠷᠯᠢᠭᠳᠠᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠎ ᠨᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠠᠵᠤ ᠠᠬᠤᠶᠢᠯᠠᠯ ᠢ ᠡᠷᠬᠡᠪᠰᠢ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ  ᠵᠠᠩᠭᠢᠯᠠᠭ᠎ᠠ ᠶᠢ ᠴᠠᠭ ᠢᠮᠠᠭᠲᠠ ᠠᠳᠬᠤᠨ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠶᠢ ᠱᠠᠭᠠᠷᠳᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠡᠷᠡᠰ ᠪᠠᠬᠢᠵᠢᠭᠦᠯᠥᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1