ᠶᠤᠸᠠᠨ ᠪᠦᠦ ᠱᠠᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠡᠭᠦᠷᠭᠡ ᠪᠠᠨ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/9/22
    9 ᠰᠠᠷ᠎ᠠ ᠶᠢᠨ 19᠎ ᠤ ᠡᠳᠦᠷ ᠂ ᠶᠤᠸᠠᠨ ᠪᠦᠦ ᠱᠠᠨ ᠲᠣᠭᠤᠷᠢᠭ ᠤᠨ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠳᠠᠬᠢᠨᠲᠠ ᠡᠬᠢᠯᠡᠪᠡ ᠃ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠤᠷᠤᠭᠰᠢᠲᠠᠢ ᠪᠥᠭᠡᠳ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠵᠠᠷᠯᠢᠭ ᠬᠥᠯᠢᠶᠡᠮᠡᠭᠴᠡ ᠬᠥᠳᠡᠯᠦᠨ᠂ ᠨᠠᠷᠢᠨ ᠨᠢᠮᠪᠠᠢ ᠪᠠᠶᠢᠷᠢᠯᠠᠭᠤᠯᠵᠤ᠂ ᠵᠠᠮ ᠬᠠᠷᠢᠯᠴᠠᠭᠠᠨ ᠤ  ᠠᠵᠢᠯᠲᠠᠳ ᠤᠨ ᠦᠷᠡᠭᠳᠡᠬᠦ ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ ᠬᠢᠵᠢᠭ ᠤᠨ ᠪᠠᠶᠢᠳᠠᠯ ᠤᠨ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ᠂ ᠥᠯᠢᠭᠡᠷ ᠡᠳ᠋ ᠵᠥᠭᠡᠭᠡᠪᠥᠷᠢᠯᠡᠨ ᠬᠦᠷᠭᠡᠬᠦ᠂ ᠨᠡᠭᠦᠳᠡᠯᠯᠡᠨ ᠥᠯᠢᠭᠡᠷ ᠡᠳ᠋ ᠠᠪᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠡᠷᠭᠡ ᠶᠢ 165 ᠲᠣᠮᠢᠯᠠᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃
1_副本.jpg
2_副本.jpg
       ᠨᠢᠭᠡ ᠳᠤ ᠂ ᠲᠦᠷᠭᠡᠨ ᠬᠥᠳᠡᠯᠦᠯᠴᠡᠵᠦ ᠂ ᠲᠡᠭᠡᠭᠡᠪᠦᠷᠢ ᠶᠢᠨ ᠲᠡᠷᠭᠡ ᠬᠥᠰᠬᠡ ᠶᠢ ᠲᠣᠬᠢᠷᠠᠭᠤᠯᠪᠠ᠃ ᠡᠭᠦᠷᠭᠡ ᠬᠥᠯᠢᠶᠡᠭᠰᠡᠨ ᠤ ᠳᠠᠷᠠᠭ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠪᠰᠢᠭᠠᠶᠢᠯᠠᠨ ᠵᠢᠯᠣᠭᠤᠳᠴᠤ ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠣᠯᠣᠨ ᠡᠯ᠎ᠡ ᠰᠢᠶᠠᠩ ᠪᠠᠯᠭᠠᠰᠤ ᠵᠡᠭᠡᠯᠢ ᠲᠠᠢ ᠢᠳᠡᠪᠬᠢᠲᠡᠢ ᠬᠠᠷᠢᠯᠴᠠᠨ᠂ ᠬᠡᠷᠡᠭᠰᠡᠬᠦ ᠲᠡᠷᠭᠡᠨ ᠤ ᠬᠡᠯᠪᠡᠷᠢ ᠵᠢᠴᠢ ᠲᠤᠭ᠎ᠠ ᠬᠡᠮᠵᠢᠶ᠎ᠡ ᠶᠢ ᠦᠨᠳᠦᠰᠦᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠡᠷᠭᠡᠨ ᠠᠩᠭᠢ ᠠᠴᠠ ᠲᠡᠷᠭᠡ ᠲᠣᠬᠢᠷᠠᠭᠤᠯᠤᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠨᠡᠭᠦᠳᠡᠯᠯᠡᠨ ᠥᠯᠢᠭᠡᠷ ᠡᠳ᠋ ᠠᠪᠬᠤ ᠲᠡᠷᠭᠡ ᠪᠣᠯᠣᠨ ᠥᠯᠢᠭᠡᠷ ᠡᠳ᠋ ᠢ ᠰᠢᠯᠵᠢᠭᠦᠯᠥᠨ ᠵᠥᠭᠡᠭᠡᠪᠥᠷᠢᠯᠡᠬᠦ ᠲᠡᠷᠭᠡ ᠪᠣᠯᠭᠠᠪᠠ᠃    ᠬᠤᠶᠠᠷ ᠲᠤ ᠂ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠬᠤᠪᠢᠶᠠᠷᠢᠯᠠᠵᠤ᠂ ᠰᠢᠯᠵᠢᠭᠦᠯᠥᠨ ᠵᠥᠭᠡᠭᠡᠪᠥᠷᠢᠯᠡᠬᠦ ᠠᠵᠢᠯ ᠤᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠥᠯᠢᠭᠡᠷ ᠡᠳ᠋ ᠢ ᠰᠢᠯᠵᠢᠭᠦᠯᠦᠨ ᠵᠥᠭᠡᠭᠡᠪᠥᠷᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠤᠰᠬᠠᠢ ᠬᠥᠮᠥᠨ ᠲᠣᠬᠢᠷᠠᠭᠤᠯᠤᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠩ ᠪᠠᠯᠭᠠᠰᠤ ᠵᠡᠭᠡᠯᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ  ᠨᠢᠭᠡᠴᠢ ᠯᠦᠭᠡ ᠠᠵᠢᠯ ᠢᠶᠠᠨ ᠰᠠᠶᠢᠲᠤᠷ ᠵᠣᠯᠭᠠᠯᠴᠠᠭᠤᠯᠵᠤ ᠂ ᠠᠵᠢᠯ ᠤᠨ ᠡᠭᠦᠷᠭᠡ᠂ ᠠᠵᠢᠯᠯᠠᠭᠠᠨ ᠤ ᠱᠤᠭᠤᠮ᠂ ᠴᠠᠭ ᠤᠨ ᠲᠣᠬᠢᠷᠠᠭᠤᠯᠤᠯᠲᠠ ᠵᠡᠷᠭᠡ ᠶᠢ ᠤᠷᠢᠳᠴᠢᠯᠠᠨ ᠡᠵᠡᠮᠰᠢᠭᠦᠯᠪᠡ ᠃ ᠡᠯ᠎ᠡ ᠪᠠᠶᠢᠴᠠᠭᠠᠯᠲᠠ ᠶᠢᠨ ᠴᠡᠭ ᠤᠨ ᠬᠠᠷᠢᠭᠤᠴᠠᠯᠭᠠᠲᠠᠳ  ᠵᠥᠭᠡᠭᠡᠪᠥᠷᠢᠯᠡᠬᠦ ᠲᠡᠷᠭᠡ ᠬᠥᠰᠬᠡ ᠎ ᠶᠢᠨ ᠵᠢᠯᠣᠭᠤᠴᠢ ᠯᠤᠭ᠎ᠠ ᠤᠷᠢᠳᠴᠢᠯᠠᠨ ᠬᠠᠷᠢᠯᠴᠠᠵᠤ ᠂ ᠴᠠᠭ ᠭᠠᠵᠠᠷ ᠣᠷᠣᠨ ᠪᠣᠯᠤᠨ ᠠᠵᠢᠯ ᠎ ᠤᠨ ᠡᠭᠦᠷᠭᠡ ᠪᠠᠨ ᠲᠣᠭᠲᠠᠭᠠᠪᠠ᠃ ᠡᠯ᠎ᠡ ᠠᠵᠢᠯ ᠲᠣᠬᠢᠷᠠᠭᠤᠯᠤᠭᠰᠠᠨ ᠳᠥᠷᠢᠶᠡᠰᠥᠨ ᠲᠡᠷᠭᠡᠨ ᠤ ᠺᠣᠮᠫᠠᠨᠢ ᠨᠢ ᠵᠥᠭᠡᠭᠡᠪᠥᠷᠢᠯᠡᠬᠦ ᠳᠤ  ᠣᠷᠤᠯᠴᠠᠬᠤ ᠲᠡᠷᠭᠡ ᠬᠥᠰᠬᠡ ᠵᠢᠴᠢ ᠵᠢᠯᠣᠭᠤᠴᠢ ᠳᠤ ᠠᠮᠤᠷ ᠲᠦᠪᠰᠢᠨ ᠤ ᠬᠠᠮᠢᠶᠠᠷᠤᠯᠲᠠ ᠬᠢᠵᠦ᠂ ᠲᠡᠷᠭᠡᠨ ᠤ ᠠᠮᠤᠷ ᠲᠦᠪᠰᠢᠨ ᠢ ᠪᠠᠶᠢᠴᠠᠭᠠᠵᠤ᠂ ᠰᠢᠯᠵᠢᠭᠦᠯᠥᠨ ᠵᠥᠭᠡᠭᠡᠪᠥᠷᠢᠯᠡᠬᠦ ᠡᠭᠦᠷᠭᠡ ᠬᠥᠯᠢᠶᠡᠭᠰᠡᠨ ᠵᠢᠯᠣᠭᠤᠴᠢ ᠳᠤ ᠬᠠᠮᠠᠭᠠᠯᠠᠯᠲᠠ ᠶᠢᠨ ᠬᠤᠪᠴᠠᠰᠤ᠂ ᠠᠮᠠᠪᠴᠢ᠂ ᠨᠢᠭᠤᠷ ᠤᠨ ᠪᠥᠲᠡᠭᠡᠯᠭᠡ ᠶᠢ ᠡᠮᠦᠰᠴᠦ ᠵᠡᠭᠦᠬᠦ ᠲᠠᠶᠢᠯᠬᠤ ᠠᠷᠭ᠎ᠠ ᠎ ᠶᠢᠨ ᠪᠣᠯᠪᠠᠰᠤᠷᠠᠭᠤᠯᠤᠯ ᠬᠢᠵᠦ ᠂ ᠠᠵᠢᠯ ᠢᠶᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ ᠂ ᠠᠯᠢ ᠨᠢᠭᠡᠨ ᠭᠤᠭᠴᠤᠭᠠᠨ ᠳᠤ ᠎ ᠨᠢ ᠴᠦ ᠠᠯᠳᠠᠭ᠎ᠠ ᠪᠤᠷᠤᠭᠤ ᠦ ᠰᠡᠪ ᠭᠠᠷᠭᠠᠬᠤ ᠦᠭᠡᠢ ᠪᠠᠶᠢᠬᠤ ᠶᠢ ᠪᠠᠲᠤᠯᠠᠪᠠ᠃    ᠭᠤᠷᠪᠠ ᠳᠤ᠂ ᠪᠠᠶᠢᠴᠠᠭᠠᠯᠲᠠ ᠶᠢᠨ ᠶᠠᠪᠤᠴᠠ ᠳᠤ᠂ ᠲᠣᠰ ᠲᠣᠪᠴᠢᠶ᠎ᠠ ᠠᠵᠢᠯᠲᠠᠳ ᠢ ᠵᠣᠬᠢᠶᠠᠨ ᠪᠠᠶᠢᠭᠤᠯᠤᠨ ᠥᠯᠢᠭᠡᠷ ᠡᠳ᠋ ᠠᠪᠬᠤ ᠭᠠᠵᠠᠷ ᠤᠨ ᠬᠥᠮᠥᠰ ᠲᠠᠢ ᠴᠠᠭ ᠲᠤᠬᠠᠢ ᠳᠤᠨᠢ ᠬᠠᠷᠢᠯᠴᠠᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠲᠡᠷᠭᠡ ᠪᠠᠨ ᠪᠡᠯᠡᠳᠬᠡᠵᠦ᠂ ᠵᠢᠯᠣᠭᠤᠴᠢ ᠠᠴᠠ ᠰᠡᠷᠭᠡᠶᠢᠯᠡᠨ ᠬᠠᠮᠠᠭᠠᠯᠠᠬᠤ ᠪᠠ ᠲᠡᠷᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ᠪᠡᠯᠡᠳᠬᠡᠯ ᠠᠵᠢᠯ ᠢ ᠰᠠᠶᠢᠲᠤᠷ ᠬᠢᠵᠦ᠂ ᠵᠥᠭᠡᠭᠡᠪᠥᠷᠢᠯᠡᠨ ᠬᠦᠷᠭᠡᠬᠦ ᠡᠭᠦᠷᠭᠡ ᠪᠠᠨ ᠴᠠᠭ ᠲᠤᠬᠠᠢ ᠳᠤᠨᠢ ᠰᠠᠶᠢᠲᠤᠷ ᠪᠡᠶᠡᠯᠡᠭᠦᠯᠬᠦ ᠶᠢ ᠪᠠᠲᠤᠯᠠᠭᠰᠠᠨ ᠢᠶᠠᠷ ᠡᠯ᠎ᠡ ᠥᠯᠢᠭᠡᠷ ᠡᠳ᠋ ᠠᠪᠬᠤ ᠭᠠᠵᠠᠷ ᠤᠨ ᠬᠥᠮᠥᠰ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃    ᠳᠥᠷᠪᠡ ᠳᠤ ᠂ ᠪᠦᠷᠢᠳᠬᠡᠬᠦ ᠪᠠ ᠵᠠᠳᠠᠯᠤᠯᠲᠠ ᠬᠢᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠭᠦᠷᠭᠡ ᠳᠠᠭᠤᠰᠤᠭᠰᠠᠨ ᠤ ᠳᠠᠷᠠᠭ᠎ᠠ᠂ ᠲᠣᠰ ᠲᠣᠪᠴᠢᠶ᠎ᠠ ᠴᠠᠭ ᠲᠤᠬᠠᠢ ᠳᠤᠨᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠰᠢᠶᠠᠩ ᠪᠠᠯᠭᠠᠰᠤ ᠵᠡᠭᠡᠯᠢ ᠲᠠᠢ ᠬᠠᠷᠢᠯᠴᠠᠵᠤ ᠪᠥᠭᠡᠮ ᠬᠦᠴᠢᠯ ᠤᠨ ᠥᠯᠢᠭᠡᠷ ᠡᠳ᠋ ᠢ ᠴᠤᠭᠯᠠᠭᠤᠯᠵᠤ ᠪᠠᠶᠢᠴᠠᠭᠠᠯᠲᠠ ᠬᠢᠬᠦ ᠶᠠᠪᠤᠴᠠ ᠳᠤ ᠲᠡᠷᠭᠡ ᠬᠥᠰᠬᠡ ᠶᠢᠨ ᠵᠥᠭᠡᠭᠡᠪᠥᠷᠢᠯᠡᠨ ᠬᠦᠷᠭᠡᠬᠦ᠂ ᠵᠠᠮ ᠱᠤᠭᠤᠮ᠂ ᠵᠢᠯᠣᠭᠤᠴᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠵᠡᠷᠭᠡ ᠪᠠᠶᠢᠳᠠᠯ ᠢ ᠣᠶᠢᠯᠠᠭᠠᠨ ᠡᠵᠡᠮᠰᠢᠵᠦ ᠂ ᠪᠣᠯᠪᠠᠰᠤᠷᠠᠨ ᠳᠡᠭᠡᠭᠰᠢᠯᠡᠬᠦ ᠠᠷᠭ᠎ᠠ ᠠᠪᠴᠠᠯ ᠠᠪᠴᠤ᠂ ᠬᠤᠶᠢᠰᠢᠳᠠ ᠶᠢᠨ ᠵᠠᠮ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1