︻ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ︼ ᠶᠤᠸᠠᠨ ᠪᠦᠦ ᠱᠠᠨ ᠲᠣᠭᠤᠷᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠎ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/9/22
    ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠬᠡᠷᠡᠭᠵᠢᠭᠦᠯᠦᠭᠰᠡᠨ ᠠᠴᠠ ᠨᠠᠭᠠᠰᠢ᠂ ᠶᠤᠸᠠᠨ ᠪᠦᠦ ᠱᠠᠨ ᠲᠣᠭᠤᠷᠢᠭ ᠤᠨ ᠬᠢᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠲᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠳᠦᠷᠢᠮ︾᠎ ᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠪᠠᠲᠤ ᠴᠣᠭᠴᠠᠯᠠᠬᠤ ᠶᠢ ᠲᠠᠰᠤᠷᠠᠯᠲᠠ ᠥᠭᠡᠢ ᠴᠢᠩᠭᠠᠷᠠᠭᠤᠯᠪᠠ᠃
1_副本.jpg
       ᠰᠤᠷᠤᠯᠴᠠᠯᠭ᠎ᠠ ᠪᠠᠨ ᠴᠢᠩᠭᠠᠳᠬᠠᠵᠤ᠂ ︽ᠳᠦᠷᠢᠮ︾᠎ ᠢ ᠲᠤᠭᠤᠰᠢᠯᠠᠭᠤᠯᠬᠤ ᠳᠤ ᠰᠠᠭᠤᠷᠢ ᠶᠢ ᠰᠠᠶᠢᠨ ᠪᠠᠳᠤᠳᠬᠠᠪᠠ᠃ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠥᠨᠳᠥᠷ ᠲᠦᠪᠰᠢᠨ ᠢᠶᠠᠷ ᠠᠬᠢᠭᠤᠯᠵᠤ ᠂ ︽ ᠳᠦᠷᠢᠮ ︾᠎ ᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ ᠲᠡᠷᠡ ᠳᠠᠷᠤᠢ ᠳᠤᠨᠢ ᠤᠯᠠᠨ ᠵᠦᠢᠯ ᠤᠨ ᠬᠡᠯᠪᠡᠷᠢ ᠪᠠᠷ ᠵᠣᠬᠢᠶᠠᠨ ᠪᠠᠶᠢᠭᠤᠯᠵᠤ ᠰᠤᠷᠤᠯᠴᠠᠨ ᠲᠤᠭᠤᠰᠢᠯᠠᠭᠤᠯᠪᠠ᠃ ᠨᠢᠭᠡ ᠳᠤ ᠂ ᠰᠦᠯᠵᠢᠶᠡᠨ ᠳᠡᠭᠡᠷ᠎ᠡ ᠤᠷᠢᠳᠠᠪᠠᠷ ᠨᠢᠭᠡ ᠠᠯᠬᠤᠮ ᠰᠤᠷᠤᠯᠴᠠᠪᠠ᠃ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠂ ︽ ᠠᠮᠢᠵᠢᠷᠠᠯ ᠪᠢᠯᠬᠠᠭᠰᠠᠨ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ᠂ ᠨᠢᠭᠡᠳᠦᠮᠡᠯ ᠹᠷᠣᠨᠲ ᠤᠨ ᠸᠢᠴᠠᠲ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠲᠤᠰᠬᠠᠢ ᠪᠤᠯᠤᠩ ᠨᠡᠭᠡᠭᠡᠵᠦ ᠂ ︽ ᠳᠦᠷᠢᠮ ︾ ᠵᠢᠴᠢ ᠲᠠᠶᠢᠯᠪᠤᠷᠢᠯᠠᠭᠰᠠᠨ ᠵᠣᠬᠢᠶᠠᠯ ᠢ ᠳᠡᠪᠰᠢᠭᠦᠯᠵᠦ ᠂ ᠤᠷᠢᠳᠠᠪᠠᠷ ᠰᠤᠷᠤᠯᠴᠠᠪᠠ︔  ᠲᠢᠺ ᠲᠤᠺ ᠂ ᠭᠠᠪᠰᠢᠭᠠᠢ ᠭᠠᠷ ᠵᠡᠷᠭᠡ ᠲᠠᠪᠴᠠᠩ ᠳᠡᠭᠡᠷ᠎ᠡ ᠣᠯᠠᠨ ᠬᠤᠭᠤᠴᠠᠭ᠎ᠠ ︽ᠰᠡᠳᠬᠢᠯ ᠨᠢᠭᠡᠲᠠᠢ ᠪᠠᠶᠢᠬᠤ ᠶᠠᠷᠢᠶᠠᠨ ᠤ ᠲᠠᠪᠴᠠᠩ ︾᠎ ᠢ ᠡᠷᠭᠢᠯᠡᠵᠦ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠨ ᠦᠨᠳᠦᠰᠦᠲᠡᠨ ᠤ ᠮᠡᠳᠡᠯᠭᠡ ᠶᠢ ᠲᠤᠰᠬᠠᠢ ᠰᠡᠳᠦᠪ ᠢᠶᠠᠷ ᠪᠣᠯᠪᠠᠰᠤᠷᠠᠯ ᠬᠥᠷᠲᠡᠭᠡᠵᠦ᠂ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠎ ᠤᠨ ᠪᠦᠯᠬᠦᠮ ᠢ ᠤᠷᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠬᠠᠤ︾ ᠎ ᠶᠢ ᠤᠬᠠᠭᠤᠯᠤᠨ ᠲᠠᠶᠢᠯᠪᠤᠷᠢᠯᠠᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠺᠠᠳ᠋ᠷ ᠢ ᠤᠷᠢᠨ ︽ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾᠎ ᠢ ᠶᠠᠷᠢᠭᠤᠯᠵᠤ᠂ ︽ᠳᠦᠷᠢᠮ︾᠎ ᠤᠨ ᠰᠤᠷᠤᠯᠴᠠᠯᠭ᠎ᠠ ᠶᠢ ᠴᠢᠩᠭᠠᠳᠬᠠᠪᠠ᠃ ᠬᠤᠶᠠᠷ ᠲᠤ᠂ ᠰᠦᠯᠵᠢᠶᠡᠨ ᠭᠠᠳᠠᠨ᠎ᠠ ᠭᠦᠨᠵᠡᠭᠡᠢ ᠨᠢᠭᠡ ᠠᠯᠬᠤᠮ ᠰᠤᠷᠤᠯᠴᠠᠪᠠ ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠦᠨᠳᠦᠰᠦᠲᠡᠨ ᠤ ᠠᠵᠢᠯ ᠤᠨ ᠬᠤᠷᠠᠯ᠂ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ 3 ᠤᠳᠠᠭ᠎ᠠ ᠬᠤᠷᠠᠯᠳᠤᠭᠤᠯᠵᠤ ᠂ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ 4 ᠤᠳᠠᠭ᠎ᠠ ᠰᠣᠨᠣᠰᠴᠤ᠂ ᠦᠨᠳᠦᠰᠦᠲᠡᠨ ᠤ ᠰᠤᠷᠤᠯᠴᠠᠯᠭ᠎ᠠ ᠪᠠᠶᠢᠴᠠᠭᠠᠯᠲᠠ ᠰᠣᠯᠢᠯᠴᠠᠭ᠎ᠠ ᠶᠢᠨ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ ︽ᠳᠦᠷᠢᠮ︾᠎ ᠢ ᠡᠯ᠎ᠡ ᠱᠠᠲᠤᠨ ᠤ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶᠎ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠪᠣᠯᠪᠠᠰᠤᠷᠠᠯ ᠳᠤ ᠵᠢᠭᠰᠠᠭᠠᠨ ᠣᠷᠣᠭᠤᠯᠵᠤ᠂ ᠲᠤᠰᠬᠠᠢ ᠰᠡᠳᠦᠪᠲᠦ ᠲᠠᠶᠢᠯᠤᠮᠵᠢ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠯᠲᠠ ᠵᠡᠷᠭᠡ ᠶᠢ 100 ᠭᠠᠷᠤᠢ ᠤᠳᠠᠭ᠎ᠠ ᠥᠷᠨᠢᠭᠦᠯᠥᠨ᠂ ᠬᠥᠯᠢᠶᠡᠨ ᠠᠪᠤᠭᠴᠢᠳ ᠤᠨ ᠲᠤᠭ᠎ᠠ 2 ᠲᠦᠮᠡ ᠭᠠᠷᠤᠢ ᠳᠤ ᠬᠥᠷᠪᠡ᠃ ᠭᠤᠷᠪᠠ ᠳᠤ ᠂ ᠣᠯᠠᠨ ᠬᠡᠯᠪᠡᠷᠢ ᠪᠠᠷ ᠰᠤᠷᠤᠯᠴᠠᠯᠭ᠎ᠠ ᠪᠠᠨ ᠴᠢᠩᠭᠠᠳᠬᠠᠪᠠ᠃ ᠡᠯ᠎ᠡ ᠰᠢᠶᠠᠩ ᠪᠠᠯᠭᠠᠰᠤ ᠵᠡᠭᠡᠯᠢ ᠶᠢ ᠵᠣᠬᠢᠶᠠᠨ ᠪᠠᠶᠢᠭᠤᠯᠤᠨ ᠦᠨᠳᠦᠰᠦᠲᠡᠨ ᠤ ᠮᠡᠳᠡᠯᠭᠡ ᠶᠢᠨ ᠤᠷᠤᠯᠳᠤᠭᠠᠨ ᠢ ᠥᠷᠨᠢᠭᠦᠯᠵᠦ ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠨ᠂ ᠪᠥᠬᠦ ᠲᠣᠭᠤᠷᠢᠭ ᠲᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 13000 ᠭᠠᠷᠤᠢ ᠬᠥᠮᠥᠨ ᠢᠳᠡᠪᠬᠢᠲᠡᠢ ᠣᠷᠣᠯᠴᠠᠵᠠᠢ᠃
2_副本.jpg
       ᠤᠬᠠᠭᠤᠯᠭ᠎ᠠ ᠪᠠᠨ ᠴᠢᠩᠭᠠᠳᠬᠠᠵᠤ᠂ ︽ᠳᠦᠷᠢᠮ︾᠎ ᠢ ᠲᠤᠭᠤᠰᠢᠯᠠᠭᠤᠯᠬᠤ ᠳᠤ ᠠᠭᠤᠷ ᠠᠮᠢᠰᠬᠤᠯ ᠢ ᠪᠣᠶ ᠪᠣᠯᠭᠠᠪᠠ᠃ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠥᠭᠡᠳ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠢᠳᠡᠪᠬᠢᠲᠡᠢ ᠪᠠᠷ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠨᠡᠮᠡᠭᠳᠡᠭᠦᠯᠪᠡ᠃ ᠨᠢᠭᠡ ᠳᠤ ᠂ ᠰᠣᠶᠣᠯ ᠤᠨ ᠠᠵᠢᠯᠯᠠᠭ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠪᠠ᠃ ︽ ᠦᠨᠳᠦᠰᠦᠲᠡᠨ ᠨᠦᠭᠦᠳ ᠪᠦᠯᠬᠦᠮᠳᠡᠨ ᠰᠡᠳᠬᠢᠯ ᠵᠢᠷᠦᠬᠡ ᠪᠠᠨ ᠬᠤᠯᠪᠣᠵᠤ ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ ︾ ᠭᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠡᠷᠬᠢᠯᠡᠵᠦ ᠂ 100 ᠭᠠᠷᠤᠢ ᠬᠤᠪᠢ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠴᠤᠭᠯᠠᠭᠤᠯᠤᠨ ᠳᠡᠯᠭᠡᠨ ᠥᠵᠡᠭᠦᠯᠪᠡ︔ ︽ᠰᠣᠶᠣᠯ ᠢ ᠦᠨᠳᠦᠰᠦᠨ ᠱᠠᠲᠤᠨ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠪᠠ ᠨᠡᠶᠢᠭᠡᠮ ᠲᠣᠭᠤᠷᠢᠭ ᠲᠤ ᠦᠨᠳᠦᠰᠦᠲᠡᠨ ᠤ ᠪᠦᠯᠬᠦᠮᠳᠡᠯ ᠤᠨ ᠰᠡᠳᠥᠪᠲᠦ 40 ᠭᠠᠷᠤᠢ ᠰᠢᠯᠢᠳᠡᠭ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠪᠡᠯᠡᠭᠯᠡᠪᠡ︔ ᠶᠤᠸᠠᠨ ᠪᠦᠦ ᠱᠠᠨ ᠲᠣᠭᠤᠷᠢᠭ ᠤᠨ ︽ ᠰᠡᠳᠬᠢᠯ ᠨᠢᠭᠡᠲᠠᠢ︾ ᠤᠷᠠᠯᠢᠭ ᠤᠨ ᠪᠦᠯᠬᠦᠮ ᠢ ᠵᠣᠬᠢᠶᠠᠨ ᠪᠠᠶᠢᠭᠤᠯᠵᠤ ᠪᠠᠢ ᠾᠧ ᠵᠤᠰᠠᠯᠠᠩ ᠳᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠎ ᠤᠨ ᠬᠥᠮᠦᠨ ᠮᠡᠲᠦ ᠲᠣᠳᠤᠨᠤ ᠪᠠᠶᠢᠵᠤ ᠂ ᠰᠡᠳᠬᠢᠯ ᠨᠢᠭᠡᠲᠦᠨ ᠨᠠᠮ ᠤᠨ ᠬᠤᠷᠢᠳᠤᠭᠠᠷ ᠶᠡᠭᠡ ᠬᠤᠷᠠᠯ ᠢ ᠬᠠᠮᠲᠤ ᠪᠠᠷ ᠪᠡᠯᠭᠡᠯᠡᠶ᠎ᠡ︾ ᠭᠡᠬᠦ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷ ᠢ ᠡᠷᠭᠢᠯᠡᠪᠡ︔ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ︽ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ ᠂ ᠰᠡᠳᠬᠢᠯ ᠨᠢᠭᠡᠲᠥᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ ︾ ᠭᠡᠬᠦ ᠲᠤᠰᠬᠠᠢ ᠤᠷᠠᠨ ᠰᠠᠶᠢᠬᠠᠨ ᠤ ᠲᠣᠭᠯᠠᠯᠲᠠ ᠭᠠᠷᠭᠠᠭᠰᠠᠨ ᠪᠥᠭᠡᠳ ᠦᠨᠳᠦᠰᠦᠨ ᠱᠠᠲᠤᠨ ᠳᠤ ᠭᠥᠨᠵᠡᠭᠡᠶᠢᠷᠡᠨ 40 ᠭᠠᠷᠤᠢ ᠲᠠᠯᠠᠪᠠᠢ ᠲᠣᠭᠤᠷᠢᠨ ᠲᠣᠭᠯᠠᠯᠲᠠ ᠭᠠᠷᠭᠠᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ︽ ᠬᠠᠮᠲᠤᠪᠠᠷ ᠪᠦᠯᠬᠦᠮᠳᠡᠨ ᠲᠡᠮᠡᠴᠡᠵᠦ ᠂ ᠬᠠᠮᠲᠤᠪᠠᠷ ᠴᠡᠴᠡᠭᠯᠡᠨ ᠬᠥᠭᠵᠢᠬᠦ︾ ᠭᠤᠣᠯ ᠬᠦᠭ ᠠᠶᠠᠰ ᠢ ᠴᠤᠤᠷᠢᠶᠠᠲᠤᠭᠤᠯᠵᠠᠢ᠃ ᠬᠤᠶᠠᠷ ᠲᠤ ᠂ ᠪᠡᠶ᠎ᠡ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠬᠠᠭᠤᠯᠭ᠎ᠠ ᠶᠢ ᠴᠢᠩᠭᠠᠳᠬᠠᠪᠠ᠃ ᠨᠢᠭᠡᠳᠦᠮᠡᠯ ᠹᠷᠣᠨᠲ ᠤᠨ ᠺᠠᠳ᠋ᠷᠴᠤᠳ ᠢ ᠵᠣᠬᠢᠶᠠᠨ ᠪᠠᠶᠢᠭᠤᠯᠤᠨ ᠶᠤᠸᠠᠨ ᠪᠦᠦ ᠱᠠᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠲᠠᠮᠢᠷ ᠤᠨ ᠮᠥᠷᠦᠶᠢᠴᠡᠭᠡᠨ ᠤ ︽ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ ᠂ ᠰᠡᠳᠬᠢᠯ ᠨᠢᠭᠡᠳᠦᠨ ᠬᠤᠷᠢᠳᠤᠭᠠᠷ ᠶᠡᠭᠡ ᠬᠤᠷᠠᠯ ᠢ ᠬᠠᠮᠲᠤ ᠪᠠᠷ ᠪᠡᠯᠭᠡᠯᠡᠶ᠎ᠡ ︾ ᠭᠡᠬᠦ ᠰᠡᠳᠥᠪᠲᠦ ᠤᠷᠤᠯᠳᠤᠭᠠᠨ ᠳᠤ ᠣᠷᠣᠯᠴᠠᠭᠤᠯᠵᠤ ᠂ ︽ ᠠᠯᠳᠠᠨ ᠰᠢ ᠵᠢᠦ ᠬᠤᠨᠳᠠᠭᠠᠲᠤ︾ ᠥᠳᠥᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢ ᠶᠠᠪᠤᠭᠳᠠᠭᠤᠯᠵᠤ᠂ ᠤᠷᠤᠯᠳᠤᠭᠠᠨ ᠤ ᠵᠠᠪᠰᠠᠷ ᠲᠤ ︽ ᠳᠦᠷᠢᠮ ︾᠎ ᠤᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠵᠣᠬᠢᠶᠠᠨ ᠪᠠᠶᠢᠭᠤᠯᠤᠨ᠂ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃ ᠭᠤᠷᠪᠠ ᠳᠤ ᠂ ᠲᠤᠰᠬᠠᠢ ᠠᠵᠢᠯᠯᠠᠭ᠎ᠠ ᠵᠣᠬᠢᠶᠠᠨ ᠪᠠᠶᠢᠭᠤᠯᠵᠤ ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠪᠠ᠃ ᠫᠢᠩᠵᠤᠸᠠᠩ ᠤᠨ ᠶᠢᠨ ᠾᠧ ᠠᠭᠤᠳᠠᠮ ᠲᠠᠯᠠᠪᠠᠢ ᠵᠡᠷᠭᠡ ᠭᠠᠵᠠᠷ ᠲᠤ ᠤᠯᠠᠨ ᠤᠳᠠᠭ᠎ᠠ ᠦᠨᠳᠦᠰᠦᠲᠡᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ ᠂ ︽ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠦᠷᠢᠮ ︾ ᠂ ︽ ᠦᠨᠳᠦᠰᠦᠲᠡᠨ ᠤ ᠠᠵᠢᠯ ᠤᠨ ᠮᠡᠳᠡᠯᠭᠡ ᠶᠢᠨ ᠭᠠᠷ ᠳᠡᠪᠲᠡᠷ︾ ᠂ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠠᠷ ᠳᠡᠪᠲᠡᠷ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 50000 ᠭᠠᠷᠤᠢ ᠬᠤᠪᠢ ᠲᠠᠷᠬᠠᠭᠠᠪᠠ ᠃    ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ︽ ᠳᠦᠷᠢᠮ ︾᠎ ᠤᠨ ᠪᠣᠳᠠᠲᠠᠢ ᠬᠡᠷᠡᠭᠵᠢᠭᠦᠯᠥᠭᠳᠡᠬᠦ ᠶᠢ ᠪᠠᠲᠤᠯᠠᠪᠠ᠃ ᠶᠤᠸᠠᠨ ᠪᠦᠦ ᠱᠠᠨ ᠲᠣᠭᠤᠷᠢᠭ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠥᠷᠢᠯᠡᠨ ᠥᠭᠴᠦ ᠂ ︽ᠳᠦᠷᠢᠮ︾᠎ ᠤᠨ ᠠᠰᠢᠭ ᠬᠥᠷᠲᠡᠭᠡᠬᠦ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃ ᠡᠮᠨᠡᠯᠭᠡ ᠶᠢᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠢᠶᠣᠣ ᠦ᠋ ᠵᠢᠶᠠ ᠰᠢᠶᠠᠩ ᠤᠨ ᠯᠣᠣ ᠰᠢ ᠶᠢᠩᠽᠢ ᠲᠣᠰᠬᠤᠨ ᠂ ᠰᠢᠨ ᠵᠢᠩ ᠽᠢ ᠲᠣᠰᠬᠤᠨ ᠵᠡᠷᠭᠡ ᠬᠤᠲᠣᠩᠴᠤᠳ ᠤᠨ ᠲᠥᠪᠯᠡᠷᠡᠨ ᠰᠠᠭᠤᠭᠰᠠᠨ ᠭᠠᠵᠠᠷ ᠲᠤ ᠬᠦᠷᠴᠦ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ︽ ᠡᠷᠡᠭᠦᠯ ᠮᠡᠨᠳᠦ ᠪᠠᠷ ᠪᠦᠯᠬᠦᠮᠳᠡᠯ ᠢ ᠠᠬᠢᠭᠤᠯᠬᠤ ︾ ᠎ ᠶᠢ ᠦᠢᠯᠡᠳᠦᠯᠭᠡᠵᠢᠭᠦᠯᠪᠡ ︔ ᠰᠢᠭᠤᠳ ᠨᠡᠪᠲᠡᠷᠡᠭᠦᠯᠥᠨ ᠠᠵᠢᠯ ᠤᠨ ᠪᠠᠶᠢᠷᠢ ᠎ ᠶᠢᠨ ᠰᠤᠷᠠᠭ ᠬᠠᠩᠭᠠᠬᠤ ᠠᠵᠢᠯᠯᠠᠭ᠎ᠠ ᠶᠢ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠯ᠎ᠠ ᠨᠤᠲᠤᠭ ᠤᠨ ᠳᠠᠭᠤᠤ ᠺᠣᠮᠫᠠᠨᠢ ᠶᠢ ᠬᠠᠪᠰᠤᠷᠤᠨ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠬᠦᠴᠢᠷ ᠠᠰᠠᠭᠤᠳᠠᠯ ᠢ ᠎ ᠨᠢ ᠰᠢᠢᠳᠪᠦᠷᠢᠯᠡᠵᠦ ᠥᠭᠪᠡ︔ ︽ ᠶᠤᠸᠠᠨ ᠪᠤᠥ ᠱᠠᠨ ᠤ ᠦᠨᠦᠷ ᠠᠮᠲᠠ ᠶᠢ ᠬᠠᠶᠢᠬᠤ︾ ᠰᠢᠭᠤᠳ ᠨᠡᠪᠲᠡᠷᠡᠭᠦᠯᠥᠨ ᠢᠳᠡᠭᠡᠨ ᠤ ᠵᠦᠢᠯ ᠪᠣᠷᠤᠯᠠᠭᠤᠯᠬᠤ ᠫᠷᠣᠭ᠍ᠷᠠᠮ ᠢ ᠵᠣᠬᠢᠶᠠᠨ ᠪᠠᠶᠢᠭᠤᠯᠵᠤ᠂ ᠬᠤᠲᠣᠩ ᠦᠨᠳᠦᠰᠦᠲᠡᠨ ᠤ ᠶᠧᠪᠡᠩ᠂ ᠶᠢᠰᠦᠨ ᠲᠣᠮᠣ ᠠᠶᠠᠭ᠎ᠠ ᠢᠳᠡᠭᠡᠨ ᠵᠡᠷᠭᠡ ᠶᠢ ᠬᠠᠪᠰᠤᠷᠤᠨ ᠤᠬᠠᠭᠤᠯᠵᠤ ᠪᠣᠷᠣᠯᠠᠭᠤᠯᠵᠤ ᠥᠭᠪᠡ︔ ᠪᠡᠯᠡ ᠮᠥᠩᠭᠦ ᠴᠤᠭᠯᠠᠭᠤᠯᠵᠤ ᠂ ᠯᠠᠯᠤ ᠶᠢᠨ ᠰᠦᠮ᠎ᠡ ᠶᠢ ᠬᠠᠪᠰᠤᠷᠤᠨ ᠪᠣᠷᠣᠭᠠᠨ ᠳᠤ ᠭᠤᠭᠤᠵᠢᠬᠤ ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠵᠡᠷᠭᠡ ᠬᠦᠴᠢᠷ ᠠᠰᠠᠭᠤᠳᠠᠯ ᠢ ᠎ ᠨᠢ ᠰᠢᠢᠳᠪᠥᠷᠢᠯᠡᠵᠦ ᠥᠭᠪᠡ︔ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠨᠥᠬᠦᠪᠥᠷᠢ ᠮᠥᠩᠭᠦ 174 ᠲᠦᠮᠡᠨ ᠲᠥᠭᠦᠷᠢᠭ ᠎ ᠢ ᠢᠳᠡᠪᠬᠢᠲᠡᠢ ᠪᠠᠷ ᠴᠢᠷᠮᠠᠶᠢᠨ ᠣᠯᠵᠤ ᠂ ᠠᠵᠤ ᠦᠢᠯᠡᠰ ᠢᠶᠠᠷ ᠠᠷᠠᠳ ᠲᠤ ᠠᠰᠢᠭ ᠬᠦᠷᠲᠡᠭᠡᠬᠦ ᠲᠥᠰᠥᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠥᠷᠲᠡᠮᠵᠢᠲᠦ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1