ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠯᠪᠠᠨ | ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠂ ᠠᠯᠪᠠᠨ | ᠲᠤᠰᠢᠶᠠᠯᠲᠠᠳ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠠᠬᠢ ᠥᠯᠢᠭᠡᠷ ᠳᠠᠭᠤᠷᠢᠶᠠᠯ | ᠪᠣᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠲᠤᠰ ᠲᠣᠪᠴᠢᠶᠠᠨ ᠤ ᠪᠠᠶᠢᠭᠤᠯᠭ᠎ᠠ ᠶᠢᠨ ᠪᠦᠬᠦ ᠺᠠᠳ᠋ᠷᠴᠤᠳ | ᠬᠤᠷᠠᠯ ᠳᠤ ᠣᠷᠣᠯᠴᠠᠪᠠ᠃ | | | | ᠪᠣᠯᠪᠠᠰᠤᠷᠠᠭᠤᠯᠤᠯ ᠳᠤ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢ ᠴᠢᠬᠤᠯᠠᠴᠢᠯᠠᠪᠠ᠄ ᠨᠢᠭᠡ ᠳᠤ ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠬᠥᠮᠦᠵᠢᠯ ᠤᠨ ᠴᠢᠬᠤᠯᠠ ᠴᠢᠨᠠᠷ ᠤᠨ | ᠲᠤᠬᠠᠢ ᠲᠠᠨᠢᠯᠲᠠ ᠪᠠᠨ ᠴᠢᠩᠭᠠᠳᠬᠠᠬᠤ ᠬᠡᠷᠡᠭᠲᠡᠢ︔ ᠬᠤᠶᠠᠷ ᠲᠤ ᠂ ᠵᠢᠱᠢᠶ᠎ᠡ ᠦᠵᠡᠭᠦᠯᠵᠦ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ ︔ ᠭᠤᠷᠪᠠ ᠳᠤ ᠂ | ᠰᠤᠷᠤᠯᠴᠠᠬᠤ ᠪᠠ ᠬᠢᠬᠦ ᠶᠢ ᠤᠶᠠᠯᠳᠤᠭᠤᠯᠵᠤ ᠂ ᠪᠠᠶᠢᠭᠤᠯᠭ᠎ᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠠᠬᠢᠭᠤᠯᠬᠤ ᠬᠡᠷᠡᠭᠲᠡᠢ ᠃ ᠬᠤᠷᠠᠯ ᠠᠴᠠ ᠪᠦᠬᠦ ᠠᠯᠪᠠᠨ ᠲᠤᠰᠢᠶᠠᠯᠲᠠᠳ ᠡᠷᠬᠡᠪᠰᠢ ᠪᠡᠶ᠎ᠡ ᠪᠠᠨ ᠬᠢᠴᠢᠶᠡᠬᠦ ᠂ ᠪᠡᠶ᠎ᠡ ᠪᠠᠨ | ᠬᠢᠨᠠᠬᠤ ᠂ ᠪᠡᠶ᠎ᠡ ᠪᠠᠨ ᠰᠡᠷᠡᠮᠵᠢᠯᠡᠭᠦᠯᠬᠦ ᠂ ᠪᠡᠶ᠎ᠡ ᠪᠠᠨ ᠵᠣᠷᠢᠭᠵᠢᠭᠤᠯᠬᠤ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠂ | ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠬᠦ ᠦᠨᠡᠨᠴᠢ ᠢᠲᠡᠭᠡᠮᠵᠢᠲᠡᠢ ᠳᠦᠷᠢ ᠲᠥᠷᠬᠦ ᠶᠢ ᠴᠣᠭᠴᠠᠯᠠᠵᠤ᠂ | ︽ ᠦᠨᠡᠨᠴᠢ ᠢᠲᠡᠭᠡᠮᠵᠢᠲᠡᠢ ᠪᠠᠷ ᠬᠥᠮᠥᠨ ᠳᠤ ᠬᠠᠨᠳᠤᠬᠤ ᠂ ᠦᠨᠡᠨᠴᠢ ᠢᠲᠡᠭᠡᠮᠵᠢᠲᠡᠢ ᠪᠠᠷ ᠤᠴᠢᠷ ᠶᠠᠪᠤᠳᠠᠯ ᠢ | ᠰᠢᠢᠳᠪᠦᠷᠢᠯᠡᠬᠦ ᠂ ᠦᠨᠡᠨᠴᠢ ᠢᠲᠡᠭᠡᠮᠵᠢᠲᠡᠢ ᠪᠠᠷ ᠣᠷᠣᠰᠢᠨ ᠲᠣᠭᠲᠠᠨᠢᠬᠤ ︾ ᠠᠵᠢᠯ ᠤᠨ ᠠᠭᠤᠷ ᠠᠮᠢᠰᠬᠤᠯ ᠢ ᠪᠤᠢ | ᠪᠣᠯᠭᠠᠨ᠂ ᠠᠵᠢᠯ ᠤᠨ ᠳᠤᠮᠳᠠ ᠪᠠᠨ ᠨᠡᠶᠢᠭᠡᠮ ᠂ ᠠᠵᠤ ᠠᠬᠤᠶᠢᠯᠠᠯ ᠳᠤ ᠢᠲᠡᠭᠡᠮᠵᠢ ᠶᠢᠨ ᠪᠠᠷᠢᠮᠵᠢᠶ᠎ᠠ ᠶᠢ | ᠬᠢᠴᠢᠶᠡᠩᠭᠦᠶᠢᠯᠡᠨ ᠰᠠᠬᠢᠵᠤ ᠂ ᠬᠠᠤᠯᠢ ᠶᠣᠰᠣᠭᠠᠷ ᠵᠠᠰᠠᠭ ᠶᠠᠪᠤᠭᠤᠯᠤᠨ᠂ ᠢᠲᠡᠭᠡᠯ ᠢ ᠪᠠᠷᠢᠨ ᠠᠮᠠᠯᠠᠯᠲᠠ ᠪᠠᠨ | ᠪᠡᠶᠡᠯᠡᠭᠦᠯᠵᠦ᠂ ᠠᠷᠢᠭᠤᠨ ᠴᠢᠬᠡᠴᠢ ᠪᠠᠷ ᠵᠠᠰᠠᠭ ᠤᠨ ᠶᠠᠪᠤᠳᠠᠯ ᠢ ᠡᠷᠬᠢᠯᠡᠬᠦ ᠬᠡᠷᠡᠭᠲᠡᠢ ᠭᠡᠵᠦ ᠱᠠᠭᠠᠷᠳᠠᠪᠠ᠃ | ᠪᠠᠶᠢᠭᠤᠯᠭ᠎ᠠ ᠶᠢᠨ ᠺᠠᠳ᠋ᠷᠴᠤᠳ ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ ᠂ ᠠᠮᠢᠳᠤᠷᠠᠯ ᠤᠨ ᠪᠠᠭ᠎ᠠ | ᠶᠠᠪᠤᠳᠠᠯ ᠠᠴᠠ ᠡᠬᠢᠯᠡᠨ ᠬᠢᠵᠦ ᠂ ᠨᠠᠮ ᠳᠠᠭᠠᠨ ᠦᠨᠡᠨᠴᠢ ᠰᠢᠳᠤᠷᠭᠤ ᠂ ᠯᠠᠪᠳᠠᠭᠤᠨ ᠪᠠᠲᠤᠲᠠᠢ ᠪᠠᠶᠢᠵᠤ ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠵᠦ ᠂ ᠦᠨᠡᠨᠴᠢ ᠢᠲᠡᠭᠡᠮᠵᠢᠲᠡᠢ ᠬᠥᠮᠥᠨ ᠪᠣᠯᠬᠤ ᠪᠠᠷ ᠴᠢᠷᠮᠠᠶᠢᠵᠤ ᠂ ᠪᠣᠯᠪᠠᠰᠤᠨ ᠪᠠᠶᠢᠭᠤᠯᠭ᠎ᠠ ᠪᠣᠯᠬᠤ ᠪᠠᠷ | ᠴᠢᠷᠮᠠᠶᠢᠨ᠎ᠠ ᠭᠡᠵᠦ ᠢᠯᠡᠳᠬᠡᠵᠡᠭᠡᠪᠡ ᠃ | |