ᠶᠤᠸᠠᠨ ᠪᠦᠦ ᠱᠠᠨ ᠲᠣᠭᠤᠷᠢᠭ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠡᠯᠡᠨ ᠤᠳᠠᠰᠤᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ︽ᠠᠷᠠᠳ ᠤᠨ ᠰᠡᠳᠬᠢᠯ ᠢ ᠰᠠᠬᠢᠬᠤ︾ ᠢᠨᠵᠧᠨᠧᠷᠢᠩ ᠢ ᠰᠠᠶᠢᠲᠤᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2022/9/23
    9 ᠰᠠᠷ᠎ᠠ ᠶᠢᠨ 20᠎ ᠤ ᠡᠳᠦᠷ᠂ ᠶᠤᠸᠠᠨ ᠪᠦᠦ ᠱᠠᠨ ᠲᠣᠭᠤᠷᠢᠭ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠡᠯᠡᠨ ᠤᠳᠠᠰᠤᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠰᠢᠨ᠎ᠡ ᠪᠠᠷ ᠨᠡᠶᠢᠲᠡᠯᠡᠭᠰᠡᠨ ︽ᠤᠯᠠᠭᠠᠨᠬᠠᠳᠠ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠡᠯᠡᠨ ᠤᠳᠠᠰᠤᠨ ᠤ ᠪᠠᠶᠢᠭᠤᠯᠤᠯᠲᠠ ᠪᠠ ᠠᠵᠢᠯᠯᠠᠭᠠᠨ ᠤ ᠨᠠᠷᠢᠨ ᠳᠦᠷᠢᠮ︾᠎ ᠢ ᠨᠠᠶᠢᠳᠠᠪᠤᠷᠢᠵᠢᠭᠤᠯᠤᠨ᠂ ᠪᠡᠯᠡᠨ ᠤᠳᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 51 ᠠᠵᠤ ᠠᠬᠤᠶᠢᠯᠠᠯ ᠪᠣᠯᠤᠨ ᠠᠵᠢᠯ ᠦᠢᠯᠡᠰ ᠤᠨ ᠨᠢᠭᠡᠴᠢ ᠶᠢᠨ 12345 ᠪᠡᠯᠡᠨ ᠤᠳᠠᠰᠤ ᠶᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ ᠃
1_副本.jpg
2_副本.jpg
       ᠬᠤᠷᠠᠯ ᠠᠴᠠ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠂ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠬᠤ ᠂ ᠰᠢᠢᠳᠪᠦᠷᠢᠯᠡᠬᠦ ᠴᠠᠭ ᠤᠨ ᠬᠢᠵᠠᠭᠠᠷ ᠢ ᠴᠢᠩᠳᠠᠯᠠᠬᠤ ᠂ ᠬᠠᠷᠢᠭᠤ ᠳᠤᠰᠬᠠᠯ ᠢ ᠰᠢᠢᠳᠪᠥᠷᠢᠯᠡᠬᠦ ᠪᠠ ᠠᠵᠢᠯ ᠢ  ᠱᠠᠯᠠᠪᠳᠠᠭᠤᠯᠬᠤ᠂ ᠠᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠪᠠ ᠵᠦᠢ ᠵᠣᠬᠢᠰ ᠦᠭᠡᠢ ᠭᠤᠮᠣᠳᠠᠯ   ᠲᠣᠭᠠᠴᠢᠯᠲᠠ ᠶᠢᠨ ᠠᠵᠢᠯ ᠢ ᠵᠣᠬᠢᠰᠲᠠᠢ ᠰᠠᠶᠢᠲᠤᠷ ᠰᠢᠢᠳᠪᠥᠷᠢᠯᠡᠬᠦ ᠵᠡᠷᠭᠡ ᠵᠢᠷᠭᠤᠭᠠᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ ᠃    ᠬᠤᠷᠠᠯ ᠠᠴᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠡᠯᠡᠨ ᠤᠲᠠᠰᠤ ᠨᠢ ᠥᠷᠭᠡᠨ ᠣᠯᠠᠨ ᠲᠦᠮᠡᠨ ᠳᠤ ᠰᠢᠭᠤᠳ ᠬᠠᠨᠳᠤᠵᠤ᠂ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠴᠢᠬᠤᠯᠠ ᠴᠣᠩᠬᠤ ᠪᠣᠯᠵᠠᠢ᠃ ᠡᠯ᠎ᠡ ᠳᠠᠭᠠᠭᠠᠴᠢᠯᠠᠭᠰᠠᠨ ᠨᠢᠭᠡᠴᠢ ᠨᠦᠭᠦᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠵᠦ᠂ 12345 ᠪᠡᠯᠡᠨ ᠤᠲᠠᠰᠤᠨ ᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠡᠯᠡᠨ ᠤᠲᠠᠰᠤᠨ ᠤ ᠳᠠᠭᠠᠭᠠᠨ ᠠᠪᠴᠤ ᠭᠦᠢᠴᠡᠳᠬᠡᠬᠦ ᠠᠵᠢᠯ ᠢ ᠪᠥᠬᠦ ᠬᠦᠴᠦᠨ ᠢᠶᠠᠷ ᠢᠶᠠᠨ ᠪᠣᠳᠠᠲᠠᠢ ᠪᠥᠭᠡᠳ ᠰᠠᠶᠢᠲᠤᠷ ᠠᠳᠬᠤᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠴᠢᠩᠭᠠᠳᠬᠠᠵᠤ᠂ ᠪᠠᠶᠢᠳᠠᠯ ᠢ ᠲᠣᠳᠣᠷᠬᠠᠢ ᠲᠠᠨᠢᠵᠤ ᠂ ᠠᠰᠠᠭᠤᠳᠠᠯ ᠳᠤ ᠵᠥᠪ ᠢᠶᠠᠷ ᠬᠠᠨᠳᠤᠨ᠂ ᠠᠵᠢᠯ ᠤᠨ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠷᠠᠭᠤᠯᠤᠨ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ ᠂ ᠴᠢᠩᠭ᠎ᠠ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠨ ᠣᠶᠢᠯᠠᠭᠠᠬᠤ ᠬᠡᠷᠡᠭᠲᠡᠢ ︔ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠵᠣᠭᠰᠣᠴᠠ ᠪᠠᠨ ᠳᠡᠭᠡᠭᠰᠢᠯᠡᠭᠦᠯᠵᠦ ᠂ ᠪᠡᠯᠡᠨ ᠤᠳᠠᠰᠤᠨ ᠤ ᠠᠵᠢᠯ ᠢ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠤᠯᠤᠰ ᠲᠦᠷᠦ ᠶᠢᠨ ᠡᠭᠦᠷᠭᠡ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ ᠂  ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ︔ ᠭᠦᠢᠴᠡᠳᠬᠡᠬᠦ ᠶᠠᠰᠤ ᠴᠢᠨᠠᠷ ᠢ ᠴᠢᠩᠭ᠎ᠠ ᠠᠳᠬᠤᠨ᠂ ᠦᠢᠯᠡᠴᠢᠯᠡᠬᠦ ᠣᠪᠣᠷ ᠢᠶᠠᠨ ᠲᠥᠪ ᠪᠣᠯᠭᠠᠵᠤ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠵᠢᠭᠤᠯᠤᠨ᠂ ᠪᠡᠯᠡᠨ ᠤᠲᠠᠰᠤᠨ ᠤ ᠭᠤᠮᠣᠳᠠᠯ  ᠲᠣᠭᠠᠴᠢᠯᠲᠠ ᠶᠢᠨ ᠠᠵᠢᠯ ᠤᠨ ᠬᠠᠭᠤᠳᠠᠰᠤᠨ ᠳᠤ ᠲᠦᠷᠭᠡᠨ ᠬᠠᠷᠢᠭᠤ ᠥᠭᠬᠦ ᠨᠣᠷᠮ᠎ᠠ ᠪᠠ ᠭᠦᠢᠴᠡᠳᠬᠡᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ᠂ ᠳᠠᠭᠠᠭᠠᠴᠢᠯᠠᠭᠰᠠᠨ ᠨᠢᠭᠡᠴᠢ ᠨᠦᠭᠦᠳ ᠶᠡᠭᠡ ᠲᠠᠯ᠎ᠠ ᠶᠢᠨ ᠤᠬᠠᠮᠰᠠᠷ ᠎ ᠢᠶᠠᠨ ᠪᠠᠬᠢᠵᠢᠭᠦᠯᠦᠨ᠂ ᠵᠣᠬᠢᠶᠠᠨ  ᠪᠠᠶᠢᠭᠤᠯᠤᠨ ᠲᠣᠬᠢᠷᠠᠭᠤᠯᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠎ ᠢᠶᠠᠨ ᠪᠠᠳᠠᠷᠠᠭᠤᠯᠵᠤ᠂ ᠡᠭᠦᠷᠭᠡ ᠴᠢᠳᠠᠪᠤᠷᠢ ᠪᠠᠨ ᠦᠨᠳᠦᠰᠦᠯᠡᠨ ᠂ ᠪᠡᠯᠡᠨ ᠤᠲᠠᠰᠤᠨ ᠤ ᠠᠵᠢᠯ ᠤᠨ ᠬᠠᠭᠤᠳᠠᠰᠤ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠭᠦᠢᠴᠡᠳᠬᠡᠵᠦ᠂ ᠤᠯᠡᠨ ᠲᠥᠮᠡᠨ ᠪᠣᠯᠣᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠥᠷᠢᠯᠡᠵᠦ ᠥᠭᠬᠦ ᠬᠡᠷᠡᠭᠲᠡᠢ᠃ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠡᠮᠬᠢᠯᠡᠵᠦ ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠢ ᠰᠣᠨᠣᠰᠤᠨ ᠣᠶᠢᠯᠠᠭᠠᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ ᠃ ᠳᠤᠲᠠᠭᠳᠠᠯ ᠲᠠᠢ ᠲᠠᠯ᠎ᠠ ᠪᠠᠨ ᠣᠨᠣᠪᠴᠢᠲᠠᠢ ᠡᠷᠢᠨ ᠭᠠᠷᠭᠠᠵᠤ᠂ ᠠᠵᠢᠯ ᠤᠨ ᠰᠤᠷᠲᠠᠯ ᠢᠶᠠᠨ  ᠬᠤᠪᠢᠷᠠᠭᠤᠯᠤᠨ᠂ ᠠᠷᠠᠳ ᠤᠯᠠᠨ ᠤ ︽ ᠪᠠᠴᠢᠮ ᠂ ᠬᠦᠴᠢᠷ ᠂ ᠳᠠᠷᠤᠭᠠᠰᠤ ᠲᠠᠢ᠂ ᠬᠥᠰᠡᠵᠦ ᠪᠠᠶᠢᠭ᠎ᠠ︾ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ︽ ᠲᠣᠭᠠᠴᠢᠯᠲᠠ ᠶᠢ ᠬᠥᠯᠢᠶᠡᠨ ᠠᠪᠤᠮᠠᠭᠴᠠ ᠳᠠᠷᠤᠢ ᠲᠦᠷᠭᠡᠨ ᠰᠢᠢᠳᠪᠥᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠳᠤ ᠬᠠᠯᠠᠭᠤᠨ ᠣᠪᠤᠷ ᠲᠠᠢ ᠪᠠᠶᠢᠬᠤ ︾ ᠪᠡᠯᠡᠨ ᠤᠲᠠᠰᠤ ᠶᠢ ᠪᠦᠬᠦ ᠬᠦᠴᠦᠨ ᠢᠶᠠᠷ ᠢᠶᠠᠨ ᠡᠭᠦᠳᠴᠦ ᠂ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠬᠥᠷᠳᠡᠮᠵᠢᠲᠦ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1