ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ | ᠳᠦᠷᠦᠬᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠳᠤ ᠤᠷᠤᠯᠴᠠᠵᠥ | ᠴᠢᠬᠤᠯᠠ ᠶᠠᠷᠢᠶ᠎ᠠ ᠲᠠᠯᠪᠢᠪᠠ | ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠷᠢᠮᠲᠠᠯᠠᠵᠤ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠥ ᠨᠠᠩ ᠨᠢᠭᠲᠠ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠤᠶ᠎ᠠ ᠬᠡᠵᠤ ᠴᠢᠬᠤᠯᠠᠴᠢᠯᠠᠵᠠᠢ | ᠲᠤᠬᠠᠢ ᠶᠢᠨ ᠭᠠᠵᠠᠷ ᠤᠨ ᠴᠠᠭ ᠢᠶᠠᠷ 9 ᠰᠠᠷ᠎ᠠ ᠶᠢᠨ 16 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠰᠠᠮᠠᠷᠺᠠᠨᠳ᠋ ᠤᠨ ᠤᠯᠠᠨ ᠤᠯᠤᠰ ᠤᠨ ᠬᠤᠷᠠᠯ ᠤᠨ ᠲᠥᠪ ᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ | ᠬᠤᠶᠠᠳᠤᠭᠠᠷ ᠤᠳᠠᠭ᠎ᠠ ᠶᠢᠨ ᠬᠤᠷᠠᠯ ᠳᠤ ᠣᠷᠣᠯᠴᠠᠪᠠ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ | ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠬᠤᠷᠠᠯ ᠢ ᠡᠷᠬᠢᠯᠡᠵᠥ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤᠯᠤᠰ ᠪᠣᠯᠬᠤ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠺᠠᠽᠠᠬᠰᠲ᠋ᠠᠨ ᠤ | ᠶᠡᠷᠦᠩᠬᠡᠶᠢᠯᠡᠭᠴᠢ ᠲᠦᠸᠧᠺᠠᠶᠧᠹ᠂ ᠺᠢᠷᠬᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ | ᠯᠠᡁᠧᠮᠧᠩ᠂ ᠡᠨᠡᠳᠭᠡᠭ ᠤᠨ ᠶᠡᠷᠦᠩᠬᠡᠶ ᠰᠠᠶᠢᠳ ᠮᠦᠸᠧᠳᠢ᠂ ᠫᠠᠺᠢᠰᠲ᠋ᠠᠨ ᠤ ᠶᠡᠷᠦᠩᠬᠡᠶ ᠰᠠᠶᠢᠳ ᠰᠢᠶᠠᠪᠠᠽᠢ᠂ ᠠᠵᠢᠭᠯᠠᠭᠴᠢ | ᠤᠯᠤᠰ ᠪᠤᠯᠬᠤ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠠᠱᠧᠨᠺᠧ᠂ ᠢᠷᠠᠨ ᠤ ᠶᠡᠷᠦᠩᠬᠡᠶᠢᠯᠡᠭᠴᠢ ᠯᠠᠶᠢᠰᠢ᠂ ᠮᠣᠩᠭᠤᠯ | ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ᠂ ᠲᠡᠷᠢᠭᠦᠯᠡᠭᠴᠢ ᠤᠯᠤᠰ ᠤᠨ ᠵᠣᠴᠢᠨ ᠲᠦᠷᠺᠮᠧᠨ᠋ᠰᠲ᠋ᠠᠨ ᠤ ᠶᠡᠷᠦᠩᠬᠡᠶᠢᠯᠡᠭᠴᠢ | ᠰᠧᠷᠳᠠᠯ · ᠪᠧᠷᠳᠢᠮᠦ᠋ᠬᠠᠨᠮᠧᠳᠤᠹ᠂ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ᠂ ᠲᠦᠷᠺ ᠤᠨ ᠶᠡᠷᠦᠩᠬᠡᠶᠢᠯᠡᠭᠴᠢ ᠠᠶᠢᠷᠳᠣ᠋ | ᠊ ᠠᠨ ᠵᠢᠴᠢ ᠬᠠᠮᠢᠶ᠎ᠠ ᠪᠦᠬᠦᠢ ᠤᠯᠠᠨ ᠤᠯᠤᠰ ᠤᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ | ᠬᠤᠷᠠᠯ ᠳᠤ ᠣᠷᠣᠯᠴᠠᠪᠠ᠃ | ᠰᠢ ᠶᠢᠨ ᠫᠢᠩ ᠬᠤᠷᠠᠯ ᠳᠡᠭᠡᠷ᠎ᠡ ︽ᠴᠠᠭ ᠦᠶ᠎ᠡ ᠶᠢᠨ ᠤᠷᠤᠰᠬᠠᠯ ᠢ ᠡᠵᠡᠮᠳᠡᠵᠦ ᠪᠦᠯᠬᠦᠮᠳᠡᠯ ᠬᠠᠮᠲᠤᠷᠠᠯᠴᠠᠭ᠎ᠠ ᠪᠠᠨ | ᠴᠢᠩᠭᠠᠳᠬᠠᠵᠤ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ | ᠲᠠᠯᠪᠢᠪᠠ᠃ | ᠰᠢ ᠶᠢᠨ ᠫᠢᠩ᠂ ᠡᠨᠡ ᠵᠢᠯ ᠪᠣᠯ ᠶᠠᠬ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ | ᠲᠦᠷᠢᠮ ᠳᠤ ᠭᠠᠷ ᠤᠨ ᠦᠰᠦᠭ ᠵᠢᠷᠤᠭᠰᠠᠨ 20 ᠵᠢᠯ ᠤᠨ ᠤᠢ᠂ ᠪᠦᠷᠢᠯᠳᠦᠬᠦᠨ ᠤᠯᠤᠰ ᠤᠳ ᠤᠨ ᠤᠷᠳᠤ | ᠬᠤᠭᠤᠴᠠᠭᠠᠨ ᠤ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ ᠳᠤ ᠭᠠᠷ ᠤᠨ ᠦᠰᠦᠭ ᠵᠢᠷᠤᠭᠰᠠᠨ 15 | ᠵᠢᠯ ᠤᠨ ᠤᠢ ᠪᠣᠯᠤᠨ᠎ᠠ᠃ ᠡᠨᠡ ᠬᠤᠶᠠᠷ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠦᠵᠡᠯ ᠰᠠᠨᠠᠭᠠᠨ ᠤ | ᠰᠠᠭᠤᠷᠢ ᠪᠠ ᠠᠵᠢᠯᠯᠠᠭᠠᠨ ᠤ ᠵᠦᠭᠯᠡᠭᠦᠷ ᠪᠣᠯᠭᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠰᠢᠨ᠎ᠡ | ᠬᠡᠯᠪᠡᠷᠢ ᠶᠢᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠦᠰᠦᠨ ᠪᠤᠶᠢᠵᠢᠵᠤ ᠪᠤᠵᠠᠭᠠᠶᠢᠷᠠᠬᠤ ᠵᠠᠮ ᠢ ᠠᠯᠬᠤᠮ | ᠠᠯᠬᠤᠮ ᠢᠶᠠᠷ ᠠᠮᠵᠢᠯᠲᠠ ᠲᠠᠢ ᠬᠠᠶᠢᠨ ᠰᠦᠪᠡᠭᠴᠢᠯᠡᠵᠦ᠂ ᠠᠯᠢ ᠤᠯᠠᠨ ᠰᠡᠩᠬᠡᠷᠡᠭᠦᠯᠬᠦ ᠠᠴᠢ ᠬᠤᠯᠪᠣᠭᠳᠠᠯ ᠪᠦᠬᠦᠢ ᠴᠢᠬᠤᠯᠠ | ᠠᠮᠵᠢᠯᠲᠠ ᠲᠠᠢ ᠲᠤᠷᠰᠢᠯᠭ᠎ᠠ ᠶᠢ ᠬᠤᠷᠠᠮᠳᠤᠭᠤᠯᠪᠠ᠂ ᠲᠤᠬᠠᠶᠢᠯᠠᠪᠠᠯ ᠤᠯᠤᠰ ᠲᠦᠷᠦ ᠶᠢᠨ ᠢᠲᠡᠭᠡᠯᠴᠡᠭᠡ ᠶᠢ ᠪᠠᠷᠢᠮᠲᠠᠯᠠᠬᠤ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠪᠠᠷᠢᠮᠲᠠᠯᠠᠬᠤ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠬᠤ᠂ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠬᠤ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠬᠤ ᠵᠡᠷᠭᠡ ᠪᠣᠯᠤᠨ᠎ᠠ᠃ ᠡᠨᠡ | 5 ᠲᠠᠯ᠎ᠠ ᠶᠢᠨ ᠲᠤᠷᠰᠢᠯᠭ᠎ᠠ ᠨᠢ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭᠲᠠᠢ᠂ ᠡᠷᠬᠡ ᠲᠡᠭᠰᠢ᠂ ᠵᠥᠪᠳᠡᠯᠴᠡᠬᠦ᠂ ᠤᠯᠠᠨ | ᠶᠠᠩᠵᠤ ᠶᠢᠨ ᠪᠣᠯᠪᠠᠰᠤᠨ ᠢ ᠬᠦᠨᠳᠦᠳᠭᠡᠬᠦ᠂ ᠬᠠᠮᠲᠤ ᠶᠢᠨ ᠬᠥᠭᠵᠢᠯᠲᠡ ᠶᠢ ᠡᠷᠢᠯᠬᠢᠯᠡᠬᠦ ︽ᠱᠠᠩᠬᠠᠢ ᠶᠢᠨ ᠵᠣᠷᠢᠭ ᠰᠠᠨᠠᠭ᠎ᠠ︾ | ᠶᠢ ᠭᠦᠢᠴᠡᠳ ᠢᠯᠡᠷᠡᠭᠦᠯᠪᠡ᠃ ︽ᠱᠠᠩᠬᠠᠢ ᠶᠢᠨ ᠵᠣᠷᠢᠭ ᠰᠠᠨᠠᠭ᠎ᠠ︾ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠬᠥᠭᠵᠢᠨ ᠪᠤᠵᠠᠭᠠᠶᠢᠷᠠᠬᠤ ᠠᠮᠢᠵᠢᠷᠠᠯ ᠤᠨ ᠬᠦᠴᠦᠨ ᠮᠥᠨ᠂ ᠨᠡᠩ ᠴᠤ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠦᠨᠳᠦᠰᠦᠨ | ᠵᠢᠷᠤᠮᠯᠠᠯ ᠮᠥᠨ ᠭᠡᠳᠡᠭ ᠢ ᠦᠢᠯᠡᠳᠦᠯᠭᠡ ᠭᠡᠷᠡᠴᠢᠯᠡᠪᠡ᠃ ᠥᠩᠭᠡᠷᠡᠭᠰᠡᠨ ᠳᠤ ᠪᠢᠳᠡ ︽ᠱᠠᠩᠬᠠᠢ ᠶᠢᠨ ᠵᠣᠷᠢᠭ ᠰᠠᠨᠠᠭ᠎ᠠ︾ ᠶᠢ | ᠦᠢᠯᠡᠳᠦᠯᠭᠡᠵᠢᠭᠦᠯᠦᠭᠡᠳ ᠯᠤᠲᠤ ᠶᠡᠭᠡ ᠠᠮᠵᠢᠯᠲᠠ ᠣᠯᠵᠠᠢ᠂ ᠢᠷᠡᠭᠡᠳᠦᠢ ᠳᠤ ᠪᠢᠳᠡ ᠪᠠᠰᠠ ︽ᠱᠠᠩᠬᠠᠢ ᠶᠢᠨ ᠵᠣᠷᠢᠭ | ᠰᠠᠨᠠᠭ᠎ᠠ︾ ᠶᠢ ᠪᠠᠷᠢᠮᠲᠠᠯᠠᠨ ᠤᠷᠤᠭᠰᠢᠯᠠᠶ᠎ᠡ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ | ᠶᠠᠭ ᠲᠦᠷᠭᠡᠨ ᠬᠥᠨᠵᠡᠭᠡᠶᠢᠷᠡᠵᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ | ᠣᠷᠣᠪᠠ᠃ ᠬᠥᠮᠦᠨ ᠲᠥᠷᠥᠯᠬᠢᠲᠡᠨ ᠤ ᠨᠡᠶᠢᠭᠡᠮ ᠶᠠᠭ ᠲᠣᠨᠣᠯᠵᠢᠨ ᠵᠠᠮ ᠳᠤ ᠵᠣᠭᠰᠣᠵᠤ᠂ ᠤᠷᠢᠳ ᠡᠮᠦᠨ᠎ᠡ ᠪᠠᠶᠢᠭ᠎ᠠ ᠦᠭᠡᠢ | ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠰᠢᠨ᠎ᠡ ᠪᠠᠶᠢᠳᠠᠯ ᠳᠣᠣᠷ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠨᠢ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠴᠢᠬᠤᠯᠠ ᠪᠦᠲᠦᠭᠡᠯᠴᠢ ᠴᠢᠨᠠᠷᠲᠠᠢ ᠬᠦᠴᠦᠨ | ᠪᠣᠯᠤᠭᠰᠠᠨ ᠤ ᠬᠤᠪᠢ ᠳᠤ᠂ ᠳᠡᠯᠡᠬᠡᠢ ᠶᠢᠨ ᠤᠷᠪᠠᠭᠠᠨ ᠬᠥᠷᠪᠡᠭᠡᠨ ᠳᠤ ᠵᠣᠷᠢᠭᠲᠠᠢ ᠬᠠᠨᠳᠤᠵᠤ᠂ ᠴᠠᠭ ᠦᠶ᠎ᠡ ᠶᠢᠨ | ᠤᠷᠤᠰᠬᠠᠯ ᠢ ᠪᠠᠲᠤ ᠡᠵᠡᠮᠳᠡᠵᠦ᠂ ᠪᠦᠯᠬᠦᠮᠳᠡᠯ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠨᠡᠩ ᠨᠢᠭᠲᠠ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠴᠢᠬᠤᠯᠠᠳᠠᠢ᠃ | ᠨᠢᠭᠡᠳᠦᠭᠡᠷ ᠲᠤ᠂ ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠ | ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠣᠶᠢᠯᠠᠭᠠᠯᠴᠠᠭ᠎ᠠ ᠪᠠ ᠤᠯᠤᠰ ᠲᠦᠷᠦ ᠶᠢᠨ | ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠠᠮᠤᠷ ᠲᠦᠪᠰᠢᠨ ᠢ ᠬᠠᠮᠠᠭᠠᠯᠠᠬᠤ ᠪᠠ ᠬᠥᠭᠵᠢᠯᠲᠡ ᠶᠢᠨ | ᠠᠰᠢᠭ ᠲᠤᠰᠠ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠡᠮᠵᠢᠵᠦ᠂ ᠶᠠᠮᠠᠷᠪᠠ ᠰᠢᠯᠲᠠᠭ ᠢᠶᠠᠷ ᠪᠤᠰᠤᠳ ᠤᠯᠤᠰ ᠤᠨ | ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠬᠠᠮᠲᠤ ᠪᠠᠷ ᠡᠰᠡᠷᠭᠦᠴᠡᠵᠦ᠂ ᠲᠤᠰ ᠤᠯᠤᠰ ᠤᠨ ᠢᠶᠠᠨ ᠢᠷᠡᠭᠡᠳᠦᠢ ᠬᠤᠪᠢ | ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠳᠡᠢ᠃ | ᠬᠤᠶᠠᠳᠤᠭᠠᠷ ᠲᠤ᠂ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠥᠷᠭᠡᠳᠭᠡᠶ᠎ᠠ᠃ ᠡᠯ᠎ᠡ ᠲᠠᠯ᠎ᠠ ᠶᠢᠨ ᠬᠢᠨ ᠪᠦᠬᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ ᠬᠠᠮᠲᠤ ᠪᠠᠷ ᠣᠷᠣᠯᠴᠠᠵᠤ᠂ | ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ | ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠠᠮᠤᠷ ᠲᠦᠪᠰᠢᠨ ᠤ ᠪᠦᠲᠦᠴᠡ ᠶᠢ ᠪᠠᠶᠢᠭᠤᠯᠬᠤ ᠶᠢ ᠠᠬᠢᠭᠤᠯᠬᠤ ᠶᠢ | ᠪᠠᠶᠠᠷᠯᠠᠨ ᠤᠭᠲᠤᠵᠤ ᠪᠠᠶᠢᠨ᠎ᠠ᠃ ︽ᠭᠤᠷᠪᠠᠨ ᠵᠦᠢᠯ ᠤᠨ ᠬᠦᠴᠦᠨ︾᠂ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠬᠤ᠂ | ᠰᠦᠯᠵᠢᠶ᠎ᠡ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠳ᠋ᠠᠶᠢᠲ᠋ᠠ ᠶᠢᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ ᠰᠠᠨᠰᠠᠷ ᠣᠭᠲᠠᠷᠭᠤᠢ ᠶᠢᠨ ᠠᠮᠤᠷ | ᠲᠦᠪᠰᠢᠨ ᠵᠡᠷᠭᠡ ᠤᠯᠠᠮᠵᠢᠯᠠᠯᠲᠤ ᠪᠤᠰᠤ ᠠᠮᠤᠷ ᠲᠦᠪᠰᠢᠨ ᠤ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠶ᠎ᠠ᠃ ᠳᠤᠮᠳᠠᠳᠤ | ᠤᠯᠤᠰ ᠳᠤᠷᠠᠲᠠᠶ᠎ᠠ ᠢᠷᠡᠭᠡᠳᠦᠢ ᠶᠢᠨ 5 ᠵᠢᠯ ᠳᠤ ᠪᠦᠷᠢᠯᠳᠦᠬᠦᠨ ᠤᠯᠤᠰ ᠲᠤ 2000 ᠬᠠᠤᠯᠢ ᠬᠡᠷᠡᠭᠵᠢᠭᠦᠯᠬᠦ ᠠᠵᠢᠯᠳᠠᠨ ᠢ | ᠪᠣᠯᠪᠠᠰᠤᠷᠠᠭᠤᠯᠵᠤ᠂ ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠰᠦᠷᠳᠡᠭᠦᠯᠦᠯ ᠢ ᠡᠰᠡᠷᠭᠦᠴᠡᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠢ ᠪᠠᠶᠢᠭᠤᠯᠵᠤ᠂ | ᠡᠯ᠎ᠡ ᠲᠠᠯ᠎ᠠ ᠶᠢᠨ ᠬᠢᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠᠳᠤᠭᠠᠷ ᠲᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠳᠤᠮᠳᠠᠳᠤ ᠤᠯᠤᠰ | ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠲᠤᠰ | ᠭᠠᠵᠠᠷ ᠣᠷᠣᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠤᠯᠤᠰ ᠤᠨ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠠᠴᠠ ᠪᠠᠲᠤᠯᠠᠭᠰᠠᠨ ᠤᠯᠠᠨ | ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ | ᠢᠯᠡᠷᠬᠡᠶᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ᠃ ᠳᠤᠮᠳᠠᠳᠤ ᠤᠯᠤᠰ ᠬᠡᠷᠡᠭᠴᠡᠭᠡ ᠲᠠᠢ ᠬᠥᠭᠵᠢᠵᠦ ᠪᠠᠶᠢᠭ᠎ᠠ | ᠤᠯᠤᠰ ᠲᠤ 15 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠦᠷᠳᠡᠭ ᠪᠦᠬᠦᠢ ᠠᠮᠤ ᠪᠤᠳᠠᠭ᠎ᠠ ᠵᠡᠷᠭᠡ ᠪᠠᠴᠢᠮ | ᠬᠥᠮᠦᠯᠢᠭ ᠦᠵᠡᠯ ᠤᠨ ᠲᠤᠰᠠᠯᠠᠮᠵᠢ ᠬᠠᠩᠭᠠᠨ᠎ᠠ᠃ ᠠᠷᠠᠯᠵᠢᠶ᠎ᠠ ᠪᠣᠯᠤᠨ ᠪᠡᠯᠡ ᠣᠷᠣᠭᠤᠯᠤᠯᠲᠠ᠂ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠩᠭᠠᠯᠭ᠎ᠠ ᠶᠢᠨ ᠬᠡᠯᠬᠢᠶ᠎ᠡ ᠶᠢ ᠬᠠᠮᠠᠭᠠᠯᠠᠬᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠤ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ | ᠪᠠᠶᠢᠭᠤᠯᠬᠤ ᠰᠠᠨᠠᠭᠠᠴᠢᠯᠠᠭ᠎ᠠ ᠶᠢ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠭᠠᠵᠠᠷ ᠣᠷᠣᠨ ᠤ | ᠬᠠᠮᠲᠤᠷᠠᠯᠴᠠᠭᠠᠨ ᠤ ᠰᠠᠨᠠᠭᠠᠴᠢᠯᠠᠭ᠎ᠠ ᠲᠠᠢ ᠵᠣᠯᠭᠠᠭᠤᠯᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠳᠡᠢ᠃ ᠳᠤᠮᠳᠠᠳᠤ ᠤᠯᠤᠰ | ᠢᠷᠡᠬᠦ ᠵᠢᠯ ᠲᠤᠰ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠬᠠᠮᠲᠤᠷᠠᠯᠴᠠᠭᠠᠨ ᠤ ᠰᠠᠶᠢᠳ ᠨᠠᠷ ᠤᠨ ᠠᠭᠤᠯᠵᠠᠯᠲᠠ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠷᠢᠶᠠᠨ ᠤ ᠲᠠᠪᠴᠠᠩ ᠢ ᠡᠷᠬᠢᠯᠡᠵᠦ᠂ ᠳᠤᠮᠳᠠᠳᠤ ᠤᠯᠤᠰ | — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠮᠤ ᠳ᠋ᠠᠶᠢᠲ᠋ᠠ ᠶᠢᠨ ᠬᠠᠮᠲᠤᠷᠠᠯᠴᠠᠭᠠᠨ ᠤ ᠲᠥᠪ ᠢ | ᠪᠠᠶᠢᠭᠤᠯᠵᠤ᠂ ᠬᠠᠮᠲᠤ ᠪᠠᠷ ᠬᠥᠭᠵᠢᠬᠦ ᠰᠢᠨ᠎ᠡ ᠬᠥᠳᠡᠯᠭᠡᠭᠦᠷ ᠢ ᠴᠣᠭᠴᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠰᠠᠨᠰᠠᠷ ᠤᠨ ᠠᠶᠠᠯᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠥᠷᠨᠢᠭᠦᠯᠵᠦ᠂ ᠡᠯ᠎ᠡ ᠲᠠᠯ᠎ᠠ ᠶᠢᠨ | ᠲᠠᠷᠢᠶᠠᠯᠠᠩ ᠤᠨ ᠬᠥᠭᠵᠢᠯᠲᠡ᠂ ᠬᠤᠯᠪᠣᠯᠳᠤᠨ ᠨᠡᠪᠲᠡᠷᠡᠯᠴᠡᠬᠦ ᠪᠥᠲᠥᠭᠡᠨ ᠪᠠᠶᠢᠭᠤᠯᠤᠯᠲᠠ᠂ ᠭᠠᠮᠰᠢᠭ ᠢ ᠪᠠᠭᠠᠰᠬᠠᠵᠤ | ᠭᠠᠮᠰᠢᠭ ᠠᠴᠠ ᠠᠪᠤᠷᠬᠠᠤ ᠵᠡᠷᠭᠡ ᠠᠵᠢᠯ ᠦᠶ᠋ᠯᠡᠰ ᠢ ᠳᠡᠮᠵᠢᠨ᠎ᠡ᠃ | ᠳᠥᠷᠪᠡᠳᠦᠭᠡᠷ ᠲᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠶ᠎ᠠ᠃ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠵᠠᠭᠤᠴᠢᠯᠠᠭᠤᠷ᠂ ᠷᠠᠳᠢᠣ᠋ ᠲᠧᠯᠸᠢᠰ ᠵᠡᠷᠭᠡ ᠬᠦᠷᠢᠶᠡᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠯᠠᠭᠤᠴᠤᠳ ᠤᠨ ᠰᠣᠯᠢᠯᠴᠠᠭᠠᠨ ᠤ ᠬᠤᠸᠠᠷᠠᠨ᠂ ᠡᠮᠡᠭᠲᠡᠶᠢᠴᠦᠳ ᠤᠨ ᠶᠠᠷᠢᠶᠠᠨ ᠤ | ᠲᠠᠪᠴᠠᠩ᠂ ᠠᠷᠠᠳ ᠤᠨ ᠬᠤᠭᠤᠷᠤᠨᠳᠤᠬᠢ ᠨᠥᠬᠦᠷᠰᠡᠭ ᠶᠠᠷᠢᠶᠠᠨ ᠤ ᠲᠠᠪᠴᠠᠩ᠂ ᠤᠯᠠᠮᠵᠢᠯᠠᠯᠲᠤ ᠠᠨᠠᠭᠠᠬᠤ ᠤᠬᠠᠭᠠᠨ ᠤ | ᠶᠠᠷᠢᠶᠠᠨ ᠤ ᠲᠠᠪᠴᠠᠩ ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠵᠥᠪᠯᠡᠯ ᠵᠡᠷᠭᠡ | ᠠᠷᠠᠳ ᠤᠨ ᠬᠤᠭᠤᠷᠤᠨᠳᠤᠬᠢ ᠪᠠᠶᠢᠭᠤᠯᠤᠮᠵᠢ ᠶᠢᠨ ᠦᠵᠡᠭᠦᠯᠪᠡᠰᠦ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠬᠦ | ᠬᠡᠷᠡᠭᠳᠡᠢ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ — ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ | ᠢᠷᠡᠬᠦ ᠵᠢᠯ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠬᠢᠭᠡᠳ ᠦᠷᠭᠦᠯᠵᠢᠯᠡᠬᠦ ᠬᠥᠭᠵᠢᠯᠲᠡ ᠶᠢᠨ ᠶᠠᠷᠢᠶᠠᠨ ᠤ | ᠲᠠᠪᠴᠠᠩ᠂ ᠨᠥᠬᠦᠷᠰᠡᠭ ᠬᠤᠲᠠ ᠶᠢᠨ ᠶᠠᠷᠢᠶᠠᠨ ᠤ ᠲᠠᠪᠴᠠᠩ ᠢ ᠡᠷᠭᠢᠯᠡᠵᠦ᠂ ᠢᠷᠡᠬᠦ 3 ᠵᠢᠯ ᠳᠤ ᠲᠣᠰ ᠵᠣᠬᠢᠶᠠᠨ | ᠪᠠᠶᠢᠭᠤᠯᠤᠯᠲᠠ ᠶᠢᠨ ᠤᠯᠤᠰ ᠤᠳ ᠤᠨ ᠠᠷᠠᠳ ᠣᠯᠠᠨ ᠳᠤ ᠰᠦᠶ᠋ᠳᠭᠡᠯ ᠬᠤᠷᠢᠶᠠᠬᠤ ᠥᠬᠡᠶ ᠪᠠᠷ 2000 ᠴᠠᠭᠠᠨ | ᠬᠠᠷᠠᠩ ᠤᠨ ᠮᠡᠰᠡ ᠵᠠᠰᠠᠯ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠣᠯᠪᠠᠰᠤᠷᠠᠯ ᠤᠨ 5000 ᠣᠷᠣᠨ ᠲᠤᠭ᠎ᠠ | ᠬᠠᠩᠭᠠᠨ᠎ᠠ᠃ | ᠲᠠᠪᠤᠳᠤᠭᠠᠷ ᠲᠤ᠂ ᠤᠯᠠᠨ ᠲᠠᠯᠠᠲᠤ ᠦᠵᠡᠯ ᠢ ᠪᠠᠷᠢᠮᠲᠠᠯᠠᠶ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ | ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ | ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ | ᠪᠠᠳᠠᠷᠠᠭᠤᠯᠵᠤ᠂ ᠤᠭᠳᠤ ᠡᠪᠰᠡᠬᠦ ᠦᠭᠡᠢ ᠲᠡᠮᠡᠴᠡᠭᠡᠨ ᠪᠠ ᠪᠦᠯᠦᠭᠯᠡᠯ ᠤᠨ ᠤᠯᠤᠰ ᠲᠦᠷᠦ ᠶᠢ ᠲᠠᠶᠠᠭᠳᠠᠬᠤ ᠬᠡᠷᠡᠭᠳᠡᠢ᠃ | ᠲᠤᠰ ᠵᠣᠬᠢᠶᠠᠨ ᠪᠠᠶᠢᠭᠤᠯᠤᠯᠲᠠ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠤᠯᠤᠰ ᠪᠠ ᠭᠠᠵᠠᠷ | ᠣᠷᠣᠨ ᠤ ᠵᠣᠬᠢᠶᠠᠨ ᠪᠠᠶᠢᠭᠤᠯᠤᠯᠲᠠ ᠶᠢᠨ ᠶᠠᠪᠤᠯᠴᠠᠭ᠎ᠠ ᠶᠢ ᠥᠷᠭᠡᠳᠭᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠨ᠂ | ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ | ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠭᠠᠷ ᠬᠤᠯᠪᠣᠨ ᠠᠬᠢᠭᠤᠯᠬᠤ ᠬᠡᠷᠡᠭᠳᠡᠢ ᠭᠡᠵᠥ ᠴᠢᠬᠤᠯᠠᠴᠢᠯᠠᠪᠠ᠃ | ᠰᠢ ᠶᠢᠨ ᠫᠢᠩ᠂ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢ | ᠬᠠᠮᠠᠭᠠᠯᠠᠬᠤ ᠪᠣᠯ ᠲᠤᠰ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠦᠰᠡᠯ ᠡᠷᠡᠮᠡᠯᠵᠡᠯ | ᠮᠥᠨ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠭᠦᠨ ᠤ ᠲᠥᠯᠥᠭᠡ ᠴᠢᠬᠤᠯᠠ ᠡᠭᠦᠷᠭᠡ | ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠲᠤᠰ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠢᠶᠠᠨ ᠬᠥᠭᠵᠢᠭᠦᠯᠦᠨ | ᠥᠷᠭᠡᠳᠭᠡᠬᠦ᠂ ᠲᠤᠰ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠢ ᠨᠥᠯᠥᠭᠡ ᠶᠢ ᠪᠠᠳᠠᠷᠠᠭᠤᠯᠬᠤ ᠶᠢ ᠠᠬᠢᠭᠤᠯᠬᠤ ᠨᠢ ᠠᠽᠢᠶ᠎ᠠ | ᠧᠦ᠋ᠷᠣᠫᠠ ᠶᠢᠨ ᠡᠬᠡ ᠬᠠᠭᠤᠷᠠᠢ ᠵᠢᠴᠢ ᠳᠡᠯᠡᠬᠡᠢ ᠶᠢᠨ ᠥᠨᠢ ᠤᠳᠠᠭᠠᠨ ᠤ ᠡᠩᠬᠡ ᠲᠠᠶᠢᠪᠤᠩ ᠪᠠ ᠬᠠᠮᠲᠤ ᠶᠢᠨ ᠴᠡᠴᠡᠭᠯᠡᠯ | ᠬᠥᠭᠵᠢᠯ ᠳᠤ ᠢᠳᠡᠪᠬᠢ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠢ ᠡᠭᠦᠳᠬᠦ ᠪᠤᠯᠤᠨ᠎ᠠ᠃ ᠳᠤᠮᠳᠠᠳᠤ | ᠤᠯᠤᠰ ᠪᠦᠷᠢᠯᠳᠦᠬᠦᠨ ᠤᠯᠤᠰ ᠢ ᠥᠷᠭᠡᠳᠭᠡᠬᠦ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠠᠶᠢᠲᠤᠷ ᠬᠢᠵᠦ᠂ ᠠᠵᠠ | ᠲᠣᠬᠢᠶᠠᠯ ᠢ ᠡᠵᠡᠮᠳᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ ᠶᠢ ᠳᠡᠮᠵᠢᠨ᠎ᠡ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠭᠰᠠᠨ | ᠪᠥᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠴᠤ ᠬᠠᠮᠤᠭ ᠤᠨ ᠶᠡᠭᠡ ᠬᠡᠮᠵᠢᠶ᠎ᠡ ᠪᠠᠷ | ᠲᠣᠭᠲᠠᠪᠤᠷᠢᠵᠢᠭᠤᠯᠪᠠ᠃ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ | ᠭᠦᠢᠴᠡᠳ᠂ ᠪᠣᠯᠤᠮᠵᠢ ᠥᠷᠭᠡᠨ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ | ᠪᠠᠶᠢᠵᠤ᠂ ᠳᠡᠯᠡᠬᠡᠢ ᠶᠢᠨ ᠠᠵᠤ ᠠᠬᠤᠢ ᠶᠢᠨ ᠲᠣᠭᠲᠠᠪᠤᠷᠢᠵᠢᠨ ᠰᠡᠷᠭᠦᠬᠦ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ | ᠬᠠᠩᠭᠠᠵᠤ᠂ ᠡᠯ᠎ᠡ ᠤᠯᠤᠰ ᠲᠤ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠬᠠᠩᠭᠠᠬᠤ ᠪᠣᠯᠤᠨ᠎ᠠ᠃ | ᠪᠠᠰᠠ ᠨᠢᠭᠡ ᠰᠠᠷ᠎ᠠ ᠶᠢᠨ ᠳᠠᠷᠠᠭ᠎ᠠ᠂ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠳᠤᠮᠳᠠᠳᠤ ᠤᠯᠤᠰ ᠤᠨ ᠥᠭᠡᠷᠡᠴᠢᠯᠡᠯᠲᠡ | ᠬᠥᠭᠵᠢᠯᠲᠡ ᠶᠢᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠪᠦᠬᠦ | ᠲᠠᠯ᠎ᠠ ᠪᠠᠷ ᠳ᠋ᠦᠩᠨᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠦᠢᠯᠡᠰ ᠤᠨ ᠬᠥᠭᠵᠢᠯᠲᠡ ᠶᠢᠨ | ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠲᠠᠯ᠎ᠠ ᠪᠠᠷ ᠡᠵᠡᠮᠳᠡᠵᠦ᠂ ᠠᠵᠢᠯᠯᠠᠭᠠᠨ ᠤ | ᠬᠥᠲᠥᠯᠪᠦᠷᠢ ᠪᠣᠯᠤᠨ ᠦᠨᠳᠦᠰᠦᠨ ᠪᠤᠳᠤᠯᠭ᠎ᠠ ᠴᠢᠭᠯᠡᠯᠲᠡ ᠶᠢ ᠲᠣᠭᠲᠠᠭᠠᠬᠤ ᠪᠤᠯᠤᠨ᠎ᠠ᠃ ᠪᠢᠳᠡ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ | ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ | ᠢᠳᠡᠪᠬᠢᠲᠡᠢ ᠠᠬᠢᠭᠤᠯᠵᠤ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ | ᠣᠯᠭᠤᠵᠤ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠪᠤᠯᠤᠨ ᠬᠥᠮᠦᠨ ᠲᠥᠷᠥᠯᠬᠢᠲᠡᠨ ᠤ ᠪᠣᠯᠪᠠᠰᠤᠨ ᠤ | ᠳᠠᠪᠰᠢᠯᠲᠠ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠰᠡᠭᠦᠯ ᠳᠤ᠂ ᠵᠠᠮ ᠬᠡᠳᠦᠢ ᠬᠤᠯᠠ ᠪᠣᠯᠪᠠᠴᠤ ᠶᠠᠪᠤᠪᠠᠰᠤ ᠬᠦᠷᠦᠮᠤᠢ᠃ ᠪᠢᠳᠡ ︽ᠱᠠᠩᠬᠠᠢ ᠶᠢᠨ | ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠡᠩᠬᠡ ᠲᠠᠶᠢᠪᠤᠩ᠂ ᠲᠣᠭᠲᠠᠭᠤᠨ᠂ ᠴᠡᠴᠡᠭᠯᠡᠨ | ᠬᠥᠭᠵᠢᠭᠰᠡᠨ᠂ ᠦᠵᠡᠰᠭᠦᠯᠡᠩᠲᠦ ᠰᠠᠶᠢᠬᠠᠨ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠶ᠎ᠠ ᠭᠡᠵᠦ | ᠴᠢᠬᠤᠯᠠᠴᠢᠯᠠᠪᠠ᠃ | ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ | ᠰᠠᠮᠠᠷᠺᠠᠨᠳ᠋ ᠤᠨ ᠲᠤᠩᠬᠠᠭ︾ ᠲᠤ ᠭᠠᠷ ᠤᠨ ᠦᠰᠦᠭ ᠵᠢᠷᠤᠬᠤ ᠶᠢᠨ ᠬᠠᠮᠲᠤ ᠨᠡᠶᠢᠲᠡᠯᠡᠪᠡ᠃ ᠬᠤᠷᠠᠯ ᠠᠴᠠ ᠣᠯᠠᠨ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠣᠯᠠᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ | ᠣᠯᠠᠨ ᠡᠰᠢᠵᠢᠯ ᠢ ᠬᠠᠮᠠᠭᠠᠯᠠᠬᠤ ᠵᠡᠷᠭᠡ ᠣᠯᠠᠨ ᠬᠤᠪᠢ ᠢᠯᠡᠷᠬᠡᠶᠢᠯᠡᠯᠲᠡ ᠪᠠ ᠪᠢᠴᠢᠭ ᠮᠠᠲ᠋ᠧᠷᠢᠶᠠᠯ ᠨᠡᠶᠢᠲᠡᠯᠡᠵᠦ᠂ ᠢᠷᠠᠨ ᠤ | ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠡᠭᠦᠷᠭᠡ ᠶᠢᠨ ᠲᠤᠬᠠᠶ ᠰᠠᠨᠠᠭᠤᠯᠤᠮᠵᠢ ᠳᠤ | ᠭᠠᠷ ᠤᠨ ᠥᠰᠥᠭ ᠵᠢᠷᠤᠵᠤ᠂ ᠪᠧᠯᠤᠷᠦ᠋ᠰᠢᠶ᠎ᠡ ᠢ ᠪᠦᠷᠢᠯᠳᠦᠬᠦᠨ ᠤᠯᠤᠰ ᠪᠣᠯᠭᠠᠬᠤ ᠵᠢᠷᠤᠮ ᠢ ᠡᠬᠢᠯᠡᠭᠦᠯᠵᠦ᠂ ᠶᠧᠵᠢᠫᠲ᠂ | ᠰᠠᠦ᠋ᠳᠢ ᠠᠷᠠᠪ᠂ ᠺᠠᠲ᠋ᠠᠷ ᠢ ᠵᠥᠪᠰᠢᠶᠡᠷᠡᠵᠦ᠂ ᠪᠠᠷᠸᠢᠢᠨ᠂ ᠮᠠᠯᠳᠠᠶᠢᠹ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ᠂ | ᠺᠦᠸᠠᠶᠢᠲ᠂ ᠪᠢᠷᠮᠠ ᠶᠢ ᠶᠠᠷᠢᠯᠴᠠᠭᠠᠨ ᠤ ᠰᠢᠨ᠎ᠡ ᠬᠠᠨᠢᠲᠠᠨ ᠢᠶᠠᠷ ᠵᠥᠪᠰᠢᠶᠡᠷᠡᠵᠦ᠂ ᠪᠦᠷᠢᠯᠳᠦᠬᠦᠨ ᠤᠯᠤᠰ ᠤᠳ ᠤᠨ | ᠡᠶᠡᠯᠳᠡᠭ ᠬᠥᠷᠰᠢ ᠶᠢᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠭᠡᠷ᠎ᠡ ᠶᠢᠨ ᠢᠷᠡᠭᠡᠳᠦᠶ ᠶᠢᠨ 5 ᠵᠢᠯ ᠤᠨ | ᠬᠡᠷᠡᠭᠵᠢᠭᠦᠯᠬᠦ ᠬᠦᠳᠦᠯᠪᠦᠷᠢ ᠵᠡᠷᠭᠡ ᠠᠯᠢ ᠣᠯᠠᠨ ᠰᠢᠶ᠋ᠳᠪᠦᠷᠢ ᠶᠢ ᠵᠦᠪᠰᠢᠶᠡᠷᠡᠪᠡ᠃ ᠬᠤᠷᠠᠯ ᠠᠴᠠ᠂ ᠡᠨᠡᠳᠭᠡᠭ 2022 | ᠣᠨ ᠠᠴᠠ 2023 ᠣᠨ ᠪᠣᠯᠲᠠᠯᠠᠬᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ | ᠲᠡᠷᠢᠭᠦᠯᠡᠭᠴᠢ ᠤᠯᠤᠰ ᠪᠣᠯᠬᠤ ᠶᠢ ᠲᠣᠭᠲᠠᠭᠠᠪᠠ᠃ | ᠳ᠋ᠢᠩ ᠰᠢᠤᠸᠠᠢ ᠰᠢᠶᠠᠩ᠂ ᠶᠠᠩ ᠵᠢᠶᠧ ᠤᠤᠢ᠂ ᠸᠠᠩ ᠢ ᠨᠡᠷ ᠬᠤᠷᠠᠯ ᠳᠤ ᠣᠷᠣᠯᠴᠠᠵᠠᠢ᠃ | |