ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ | ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠤᠢᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ | ᠬᠡᠪᠯᠡᠭᠦᠯᠵᠦ ᠪᠦᠬᠦ ᠤᠯᠤᠰ ᠲᠤ ᠲᠠᠷᠬᠠᠭᠠᠪᠠ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠣᠳᠠᠰ ᠤᠨ ᠪᠣᠯᠪᠠᠰᠤᠨ ᠤ | ᠲᠦᠢᠯ ᠤᠨ ᠶᠡᠭᠡ ᠬᠥᠭᠵᠢᠯᠲᠡ ᠶᠢ ᠱᠠᠭᠠᠷᠳᠠᠬᠤ ᠪᠥᠭᠡᠳ ᠤᠶᠤᠨ ᠤ ᠪᠣᠯᠪᠠᠰᠤᠨ ᠤ ᠲᠦᠢᠯ ᠤᠨ ᠶᠡᠭᠡ ᠬᠥᠭᠵᠢᠯᠲᠡ ᠶᠢ ᠴᠦ | ᠱᠠᠭᠠᠷᠳᠠᠨ᠎ᠠ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠰᠤᠷᠭᠠᠨ ᠬᠥᠮᠦᠵᠢᠭᠦᠯᠬᠦ ᠶᠢ | ᠪᠠᠷᠢᠮᠲᠠᠯᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ | ᠦᠵᠡᠯᠲᠡ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠵᠤ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ᠂ ᠬᠤᠪᠢᠰᠬᠠᠯ ᠤᠨ ᠰᠣᠶᠣᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠨᠳᠦᠰᠦ ᠶᠢ | ᠪᠤᠶᠢᠵᠢᠭᠤᠯᠵᠤ ᠰᠦᠭ ᠰᠦᠨᠡᠰᠦ ᠶᠢ ᠱᠤᠭᠤᠨ᠂ ᠤᠢ ᠪᠢᠯᠢᠭ ᠢ ᠰᠡᠩᠬᠡᠷᠡᠭᠦᠯᠵᠤ ᠰᠠᠶᠢᠨ ᠰᠠᠶᠢᠬᠠᠨ ᠵᠠᠩ ᠰᠤᠷᠳᠠᠯ ᠢ ᠪᠤᠢ | ᠪᠤᠯᠭᠠᠵᠤ᠂ ᠠᠷᠠᠳ ᠣᠯᠠᠨ ᠤ ᠣᠯᠠᠨ ᠶᠠᠩᠵᠤ᠂ ᠤᠯᠡᠠ ᠲᠡᠰ ᠳᠠᠪᠬᠤᠷᠭ᠎ᠠ᠂ ᠣᠯᠠᠨ ᠲᠠᠯ᠎ᠠ ᠶᠢᠨ ᠣᠶᠤᠨ ᠰᠠᠨᠠᠭ᠎ᠠ | ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠠᠷᠠᠳ ᠲᠦᠮᠡᠨ ᠤ ᠦᠵᠡᠯ ᠰᠠᠨᠠᠭᠠᠨ ᠤ ᠤᠬᠠᠮᠰᠠᠷ᠂ ᠶᠣᠰᠣ | ᠰᠤᠷᠲᠠᠬᠤᠨ ᠤ ᠲᠦᠪᠰᠢᠨ᠂ ᠪᠣᠯᠪᠠᠰᠤᠨ ᠤ ᠬᠡᠪ ᠪᠣᠯᠪᠠᠰᠤᠷᠠᠯ ᠪᠠ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳ᠋ᠤᠮᠳᠠᠳᠤ ᠤᠯᠤᠰ ᠤᠨ ᠦᠨ᠎ᠡ ᠥᠷᠲᠡᠭ | ᠂ ᠳᠤᠮᠳᠠᠳᠤ ᠤᠯᠤᠰ ᠤᠨ ᠬᠦᠴᠦᠨ ᠢ ᠨᠠᠩ ᠰᠠᠶᠢᠲᠤᠷ ᠴᠣᠭᠴᠠᠯᠠᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠬᠦᠷᠢᠶᠡᠨ ᠳᠤ ᠪᠦᠬᠦ ᠲᠠᠯ᠎ᠠ᠂ ᠭᠦᠨᠵᠡᠭᠡᠶ᠂ ᠦᠨᠳᠦᠰᠦᠨ ᠴᠢᠨᠠᠷᠲᠠᠶ ᠬᠤᠪᠢᠷᠠᠯᠲᠠ ᠡᠭᠦᠰᠭᠦ ᠶᠢ ᠠᠬᠢᠭᠤᠯᠵᠤ᠂ ᠪᠦᠬᠦ ᠨᠠᠮ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ ᠪᠦᠬᠦ | ᠨᠡᠶᠢᠭᠡᠮ ᠤᠨ ᠨᠢᠭᠲᠠᠷᠠᠯ ᠤᠨ ᠬᠦᠴᠦᠨ ᠪᠠ ᠲᠥᠪᠯᠡᠷᠡᠩᠭᠦᠢ ᠬᠦᠴᠦᠨ ᠲᠦᠢᠯ ᠤᠨ ᠶᠡᠭᠡ ᠪᠠᠷ ᠳᠡᠭᠡᠭᠰᠢᠯᠡᠵᠦ᠂ ᠨᠠᠮ᠂ ᠤᠯᠤᠰ | ᠭᠡᠷ᠂ ᠠᠷᠠᠳ ᠲᠦᠮᠡᠨ᠂ ᠴᠡᠷᠢᠭ᠂ ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠳᠤ ᠴᠣ᠋ ᠰᠢᠨ᠎ᠡ ᠬᠤᠪᠢᠷᠠᠯᠳᠠ | ᠭᠠᠷᠪᠠ᠃ ᠰᠢ ᠶᠢᠨ ᠫᠢᠩ ᠨᠥᠬᠦᠷ ᠤᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠶᠢᠨ ᠲᠣᠭᠤᠷᠢᠨ ᠳᠤ ᠨᠡᠶᠢᠳᠠᠯᠡᠭᠰᠡᠨ ᠠᠯᠢ ᠤᠯᠠᠨ ᠴᠢᠬᠤᠯᠠ ᠥᠭᠦᠯᠡᠯᠲᠡ ᠨᠢ ᠨᠡᠶᠢᠭᠡᠮ ᠵᠢᠷᠤᠮ ᠤᠨ | ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠣᠨᠴᠠᠯᠢᠭ ᠵᠢᠮ᠎ᠡ ᠶᠣᠰᠣ ᠶᠢ ᠭᠦᠨᠵᠡᠭᠡᠢ ᠵᠢᠭᠠᠨ ᠢᠯᠡᠷᠡᠭᠦᠯᠵᠦ᠂ ᠨᠠᠮ ᠤᠨ | ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠰᠢᠨᠵᠢᠯᠡᠬᠦ ᠤᠬᠠᠭᠠᠨᠴᠢ ᠤᠨᠤᠯ ᠢ | ᠪᠠᠶᠠᠯᠢᠭᠵᠢᠭᠤᠯᠤᠨ ᠬᠥᠭᠵᠢᠭᠦᠯᠵᠤ᠂ ᠪᠢᠳᠡᠨ ᠤ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ | ᠰᠠᠶᠢᠲᠤᠷ ᠬᠢᠬᠦ ᠶᠢ ᠵᠢᠯᠤᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠮᠥᠨ᠃ ᠰᠢ ᠶᠢᠨ ᠫᠢᠩ ᠨᠥᠬᠦᠷ ᠤᠨ | ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠤᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ | ᠪᠦᠷᠢᠯᠳᠦᠬᠦᠨ ᠬᠡᠰᠡᠭ ᠮᠦᠨ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠬᠤ᠂ ᠨᠡᠶᠢᠭᠡᠮ ᠵᠢᠷᠤᠮ ᠤᠨ | ᠭᠤᠤᠯᠯᠠᠬᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠶ᠋ᠯᠡᠳᠦᠯᠭᠡᠵᠢᠭᠦᠯᠬᠦ ᠵᠢᠴᠢ ᠪᠣᠯᠪᠠᠰᠤᠨ ᠤ ᠦᠶ᠋ᠯᠡᠳᠦᠯᠭᠡ᠂ | ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠠᠬᠢᠭᠤᠯᠬᠤ᠂ ᠪᠦᠬᠦ ᠨᠡᠶᠢᠭᠡᠮ ᠤᠨ ᠪᠣᠯᠪᠠᠰᠤᠨ ᠤ | ᠬᠡᠮᠵᠢᠶ᠎ᠡ ᠶᠢ ᠳᠡᠭᠡᠭᠰᠢᠯᠡᠭᠦᠯᠬᠦ᠂ ᠠᠷᠠᠳ ᠲᠦᠮᠡᠨ ᠤ ᠤᠶᠤᠨ ᠤ ᠠᠮᠢᠳᠤᠷᠠᠯ ᠤᠨ ᠬᠠᠮᠲᠤ ᠪᠠᠷ ᠪᠠᠶᠠᠵᠢᠯᠢᠬᠵᠢᠭᠤᠯᠤᠨ | ᠴᠢᠨᠡᠭᠡᠯᠢᠭᠵᠢᠬᠦ ᠶᠢ ᠠᠬᠢᠭᠤᠯᠬᠤ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠵᠢᠳᠬᠦᠯ | ᠴᠢᠷᠮᠠᠶᠢᠯᠭ᠎ᠠ ᠭᠠᠷᠭᠠᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ᠂ ᠬᠦᠴᠦᠷᠬᠡᠭ ᠶᠡᠭᠡ ᠣᠶᠤᠨ | ᠰᠠᠨᠠᠭᠠᠨ ᠤ ᠬᠥᠳᠡᠯᠭᠡᠬᠦ ᠬᠦᠴᠦᠨ᠂ ᠡᠯᠪᠡᠭ ᠪᠠᠶᠠᠯᠢᠭ ᠶᠣᠰᠣ ᠰᠤᠷᠲᠠᠬᠤᠨ ᠤ ᠤᠶᠤᠨ ᠲᠡᠵᠢᠭᠡᠯ᠂ ᠰᠣᠶᠣᠯ ᠤᠨ ᠰᠠᠶᠢᠨ | ᠨᠥᠬᠦᠴᠡᠯ ᠢ ᠪᠦᠷᠢᠯᠳᠦᠭᠦᠯᠵᠤ᠂ ᠮᠠᠰᠢ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ | ︽ᠥᠭᠦᠯᠡᠯᠲᠡ ᠶᠢᠨ ᠲᠡᠭᠦᠪᠦᠷᠢ︾ ᠨᠢ 10 ᠲᠤᠰᠬᠠᠢ ᠰᠡᠳᠦᠪ ᠬᠤᠪᠢᠶᠠᠬᠠᠳᠠᠵᠤ᠂ ᠨᠡᠶᠢᠳᠡ 512 ᠬᠡᠰᠡᠭ | ᠥᠭᠦᠯᠡᠯᠲᠡ ᠪᠠᠶᠢᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠶᠢᠨ 17 ᠤ ᠡᠳᠦᠷ ᠠᠴᠠ 2022 | ᠣᠨ ᠤ 6 ᠰᠠᠷ᠎ᠠ ᠶᠢᠨ 8 ᠤ ᠡᠳᠦᠷ ᠪᠣᠯᠲᠠᠯᠠᠬᠢ ᠬᠤᠭᠤᠴᠠᠭᠠᠨ ᠳᠠᠬᠢ ᠮᠡᠳᠡᠭᠦᠯᠦᠯᠲᠡ᠂ ᠶᠠᠷᠢᠶ᠎ᠠ᠂ ᠲᠣᠳᠣᠷᠬᠠᠶᠢᠯᠠᠯᠲᠠ᠂ | ᠶᠠᠷᠢᠶ᠎ᠠ ᠢᠯᠡᠳᠭᠡᠯ᠂ ᠶᠠᠷᠢᠯᠴᠠᠭ᠎ᠠ᠂ ᠪᠠᠶᠠᠷ ᠤᠨ ᠵᠠᠬᠢᠳᠠᠯ᠂ ᠵᠢᠭᠠᠪᠤᠷᠢ᠂ ᠴᠣᠬᠤᠯᠠᠪᠤᠷᠢ ᠵᠡᠷᠭᠡ 240 ᠴᠢᠬᠤᠯᠠ ᠲᠤᠯᠭᠤᠷ | ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ | ᠪᠠᠶᠢᠨ᠎ᠠ᠃ | |