9 ᠰᠠᠷ᠎ᠠ ᠶᠢᠨ 21 ᠤ ᠡᠳᠦᠷ᠂ 2022 ᠣᠨ ᠤ ᠳᠡᠯᠡᠬᠡᠢ ᠶᠢᠨ ᠡᠩᠬᠡ ᠲᠠᠶᠢᠪᠤᠩ ᠤᠨ ᠡᠳᠦᠷ ᠢ ᠳᠤᠷᠠᠰᠬᠠᠬᠤ | ᠠᠵᠢᠯᠯᠠᠭ᠎ᠠ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠳᠤᠷᠠᠰᠬᠠᠬᠤ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠠᠮᠤᠷ ᠲᠦᠪᠰᠢᠨ ᠤ ᠪᠠᠶᠢᠳᠠᠯ ᠳᠤ ᠭᠦᠨᠵᠡᠭᠡᠢ ᠪᠤᠳᠤᠯᠢᠶᠠᠨᠲᠠᠢ | ᠬᠤᠪᠢᠷᠠᠯᠲᠠ ᠭᠠᠷᠴᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ | ᠡᠨᠡ ᠬᠦ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠪᠢ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠤᠯᠤᠰ ᠤᠨ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ | ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠮᠡᠳᠡᠯ᠂ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠵᠣᠷᠢᠯᠲᠠ ᠪᠠ ᠵᠠᠷᠴᠢᠮ ᠢ ᠵᠢᠷᠤᠮᠯᠠᠵᠤ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ | ᠠᠩᠬᠠᠷᠤᠯ ᠢ ᠴᠢᠬᠤᠯᠠᠴᠢᠯᠠᠵᠤ᠂ ᠶᠠᠷᠢᠯᠴᠠᠭ᠎ᠠ ᠵᠥᠪᠳᠡᠯᠴᠡᠭᠡ ᠬᠢᠬᠦ ᠪᠠᠷ ᠳᠠᠮᠵᠢᠭᠤᠯᠤᠨ ᠤᠯᠤᠰ ᠤᠨ ᠬᠤᠭᠤᠷᠣᠨᠳᠣᠭᠢ | ᠵᠥᠷᠢᠯᠳᠦᠭᠡᠨ ᠪᠠ ᠮᠠᠷᠭᠤᠯᠳᠤᠭᠠᠨ ᠢ ᠰᠢᠢᠳᠪᠦᠷᠢᠯᠡᠵᠦ᠂ ᠡᠩᠬᠡ ᠲᠠᠶᠢᠪᠤᠩ ᠢ ᠬᠠᠮᠠᠭᠠᠯᠠᠬᠤ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠬᠠᠮᠲᠤ ᠪᠠᠷ ᠵᠠᠮᠨᠠᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠠᠷ ᠬᠤᠯᠪᠣᠨ ᠠᠬᠢᠭᠤᠯᠬᠤ ᠶᠢ ᠰᠠᠨᠠᠭᠠᠴᠢᠯᠠᠵᠠᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠡᠨᠡ ᠵᠢᠯ ᠤᠨ ᠳᠤᠷᠠᠰᠬᠠᠬᠤ ᠠᠵᠢᠯᠯᠠᠭ᠎ᠠ ᠨᠢ ︽ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ︾ ᠪᠠᠷ ᠭᠤᠣᠯ | ᠰᠡᠳᠦᠪ ᠢᠶᠠᠨ ᠪᠤᠯᠭᠠᠵᠥ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠳᠡᠯᠡᠬᠡᠢ ᠶᠢᠨ | ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠬᠤ ᠵᠣᠷᠢᠭ ᠰᠠᠨᠠᠭ᠎ᠠ ᠲᠠᠢ ᠨᠡᠶᠢᠴᠡᠵᠦ ᠪᠠᠶᠢᠨ᠎ᠠ᠃ ᠳᠤᠷᠠᠰᠬᠠᠬᠤ | ᠠᠵᠢᠯᠯᠠᠭ᠎ᠠ ᠨᠢ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ | ᠢᠯᠡᠳᠬᠡᠪᠡ᠃ ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 21 ᠤ ᠴᠠᠭᠢᠯᠭᠠᠨ ᠮᠡᠳᠡᠭᠡ︶ | |