ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2022/9/27
    ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠢᠳᠡᠭᠡᠨ ᠤ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠢᠳᠡᠭᠡᠨ ᠤ ᠡᠵᠡᠩᠨᠡᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ ᠂ ᠡᠵᠡᠩᠨᠡᠭᠴᠢᠳ ᠤᠨ ᠢᠳᠡᠭᠡᠨ ᠤ ᠠᠮᠤᠷ ᠲᠥᠪᠰᠢᠨ ᠤ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠪᠡ᠃ ᠬᠠᠷᠢᠶ᠎ᠠ ᠣᠷᠣᠨ ᠤ 50 ᠭᠠᠷᠤᠢ ᠭᠤᠣᠯᠳᠠᠯᠭ᠎ᠠ ᠲᠠᠢ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ ᠃
1_副本.jpg
       ᠬᠤᠷᠠᠯ ᠳᠡᠭᠡᠷ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠡᠷᠡᠭᠵᠢᠭᠦᠯᠬᠦ ᠳᠦᠷᠢᠮ︾᠂ ︽ᠢᠳᠡᠭᠡᠨ ᠤ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠵᠤ ᠪᠠᠶᠢᠴᠠᠭᠠᠵᠤ ᠬᠠᠮᠢᠶᠠᠷᠬᠤ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ᠂ ᠬᠦᠢᠲᠡᠨ ᠬᠡᠯᠬᠢᠶᠡᠲᠥ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠥᠷᠥ ᠶᠢᠨ ᠪᠣᠳᠣᠯᠭ᠎ᠠ ᠶᠢ ᠤᠯᠠᠮᠵᠢᠯᠠᠵᠤ᠂ ︽ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠠᠷᠯᠠᠯ〔2022〕42 ᠳ᠋ᠤᠭᠠᠷ ᠲᠣᠭᠠᠲᠤ︾᠎ ᠶᠢ ᠭᠤᠣᠯᠳᠠᠯᠭ᠎ᠠ ᠲᠠᠢ ᠤᠯᠠᠮᠵᠢᠯᠠᠵᠤ᠂ ᠢᠳᠡᠭᠡᠨ ᠤ ᠡᠵᠡᠩᠨᠡᠯᠲᠡ ᠶᠢᠨ ᠨᠢᠭᠡᠴᠢ ᠶᠢ ︽ᠨᠢᠭᠡ ᠬᠡᠯᠬᠢᠶ᠎ᠡ ᠭᠤᠷᠪᠠᠨ ᠲᠤᠰᠬᠠᠢ ᠲᠠᠪᠤᠨ ᠭᠡᠷᠡᠴᠢ ᠨᠢᠭᠡ ᠨᠣᠮᠧᠷ︾ ᠪᠠ ︽ ᠲᠥᠪᠯᠡᠷᠡᠭᠦᠯᠥᠭᠰᠡᠨ ᠬᠥᠮᠥᠷᠭᠡ︾᠎ ᠶᠢᠨ ᠨᠢᠭᠡᠳᠦᠯᠲᠡᠢ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠎ ᠶᠢ ᠱᠠᠭᠠᠷᠳᠠᠬᠤ ᠶᠢᠨ ᠬᠠᠮᠲᠤ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠪ ︵ᠶᠢᠰᠦᠳᠦᠭᠡᠷ ᠬᠡᠪ ︶︾᠎ ᠎ ᠤᠨ ᠪᠣᠯᠪᠠᠰᠤᠷᠠᠭᠤᠯᠤᠯ ᠪᠠ ᠲᠠᠶᠢᠯᠤᠮᠵᠢ ᠬᠢᠵᠦ᠂ ᠡᠯ᠎ᠡ ᠡᠵᠡᠩᠨᠡᠯᠲᠡ ᠶᠢᠨ ᠨᠢᠭᠡᠴᠢ ᠶᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠤᠨ᠂ ᠬᠦᠢᠲᠡᠨ ᠬᠡᠯᠬᠢᠶᠡᠲᠥ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃
2_副本.jpg
       ᠬᠤᠷᠠᠯ ᠠᠴᠠ ᠂ ᠡᠯ᠎ᠡ ᠢᠳᠡᠭᠡᠨ ᠎ ᠤ ᠡᠵᠡᠩᠨᠡᠯᠲᠡ ᠶᠢᠨ ᠨᠢᠭᠡᠴᠢ ᠨᠦᠭᠦᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠂ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂ ᠢᠳᠡᠪᠬᠢᠲᠡᠢ ᠣᠪᠣᠷ ᠢᠶᠠᠷ ᠠᠵᠢᠯ ᠢᠶᠠᠨ ᠠᠬᠢᠭᠤᠯᠵᠤ ᠂ ︽ ᠢᠳᠡᠭᠡᠨ ᠤ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠡᠵᠡᠮᠰᠢᠵᠦ᠂ ᠢᠳᠡᠭᠡᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠵᠤ ᠂ ᠵᠢᠱᠢᠭᠰᠡᠨ ᠦᠷ᠎ᠡ ᠪᠦᠲᠦᠮᠵᠢ ᠳᠡᠭᠡᠨ ᠭᠦᠷᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠨᠢ ︽ ᠰᠠᠬᠢᠬᠤ ᠪᠠᠶᠢᠴᠠᠭᠠᠬᠤ ᠪᠠᠲᠤᠯᠠᠬᠤ ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠥᠨ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠂ ᠬᠦᠷᠲᠡᠮᠵᠢ ᠶᠢᠨ ᠲᠥᠷᠥᠭᠳᠡᠯ ᠂ ᠢᠲᠡᠭᠡᠯ ᠤᠨ ᠬᠡᠮᠵᠢᠶ᠎ᠡ ᠪᠣᠯᠣᠨ ᠬᠠᠨᠤᠮᠵᠢ ᠶᠢᠨ ᠬᠡᠮᠵᠢᠶ᠎ᠡ ᠶᠢ ᠥᠨᠡᠨ ᠬᠦ ᠨᠡᠮᠡᠭᠳᠡᠭᠦᠯᠥᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1