ᠶᠤᠸᠠᠨ ᠪᠦᠦ ᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠢ ᠰᠡᠳᠦᠪᠲᠥ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/27
    9 ᠰᠠᠷ᠎ᠠ ᠶᠢᠨ 23᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠢ ᠰᠡᠳᠦᠪᠲᠥ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠬᠤ ᠶᠢᠨ ᠬᠠᠮᠲᠤ ᠲᠤᠬᠠᠢ ᠶᠢᠨ ᠭᠠᠵᠠᠷ ᠎ ᠲᠤᠨᠢ ᠪᠠᠶᠢᠴᠠᠭᠠᠨ ᠦᠵᠡᠵᠦ᠂ ᠮᠠᠨ ᠤ  ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠵᠥᠪᠯᠡᠯᠭᠡ ᠬᠢᠪᠡ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠂   ᠲᠣᠭᠤᠷᠢᠭ ᠤᠨ ᠳᠡᠳ᠋ ᠳᠠᠷᠤᠭ᠎ᠠ ᠯᠢ ᠽᠥᠩ ᠮᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ ᠰᠢᠨᠵᠢᠯᠡᠨ ᠪᠠᠶᠢᠴᠠᠭᠠᠬᠤ ᠳᠤ ᠣᠷᠣᠯᠴᠠᠵᠤ ᠂  ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠢ ᠽᠦᠸᠧ ᠬᠤᠤ ᠬᠤᠷᠠᠯ ᠢ ᠡᠷᠬᠢᠯᠡᠨ᠂  ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠂ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠬᠡᠰᠡᠭ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ᠂ ᠭᠡᠰᠢᠭᠦᠳ ᠬᠤᠷᠠᠯ ᠳᠤ ᠣᠷᠣᠯᠴᠠᠪᠠ ᠃
1_副本.jpg
       ᠬᠤᠷᠠᠯ ᠳᠡᠭᠡᠷ᠎ᠡ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠮᠠᠨ ᠤ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠭᠰᠠᠨ ᠪᠠᠶᠢᠳᠠᠯ ᠢ ᠮᠡᠳᠡᠭᠳᠡᠵᠦ᠂ ᠬᠤᠷᠠᠯ ᠳᠤ ᠣᠷᠣᠯᠴᠠᠭᠰᠠᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠥᠪᠯᠡᠬᠦ ᠰᠡᠳᠦᠪ ᠤᠨ ᠲᠣᠭᠤᠷᠢᠨ ᠳᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠭᠠᠪᠠ᠃
2_副本.jpg
       ᠸᠠᠩ ᠵᠧᠨ ᠯᠢᠶᠠᠩ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠰᠤᠨ ᠤ ᠲᠦᠭᠰᠢᠭᠦᠷᠢ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠰᠠᠶᠢᠲᠤᠷ ᠬᠠᠮᠢᠶᠠᠷᠤᠨ᠂ ᠤᠰᠤᠨ ᠤ ᠲᠤᠬᠠᠢ ᠠᠵᠢᠯ ᠢ ᠰᠠᠶᠢᠲᠤᠷ ᠬᠢᠵᠦ᠂ ᠥᠵᠡᠮᠵᠢᠲᠥ ᠰᠠᠶᠢᠬᠠᠨ ᠤᠰᠤᠨ ᠤ ᠠᠮᠢ ᠠᠬᠤᠢ ᠶᠢ ᠴᠣᠭᠴᠠᠯᠠᠨ ᠪᠠᠶᠢᠭᠤᠯᠵᠤ᠂ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
3_副本.jpg
       ᠸᠠᠩ ᠵᠧᠨ ᠯᠢᠶᠠᠩ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤ ᠬᠡᠷᠡᠭᠯᠡᠬᠦ ᠤᠰᠤ ᠬᠠᠮᠢᠶᠠᠷᠬᠤ ᠣᠶᠢᠯᠠᠭᠠᠭᠳᠠᠬᠤᠨ ᠢᠶᠠᠨ ᠭᠦᠨᠵᠡᠭᠡᠢ ᠬᠤᠪᠢᠷᠠᠭᠤᠯᠵᠤ᠂ ᠤᠰᠤᠨ ᠤ ᠡᠬᠢ ᠪᠠᠶᠠᠯᠢᠭ ᠤᠨ ᠴᠠᠭ ᠪᠣᠯᠣᠨ ᠣᠷᠣᠨ ᠵᠠᠢ ᠶᠢᠨ ᠲᠠᠷᠬᠠᠯᠲᠠ ᠶᠢ ᠰᠢᠯᠢᠳᠡᠭᠵᠢᠭᠦᠯᠥᠨ᠂ ᠤᠰᠤᠨ ᠤ ᠡᠬᠢ ᠪᠠᠶᠠᠯᠢᠭ ᠤᠨ ᠬᠤᠷᠢᠭ᠎ᠠ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠥᠨ᠂ ᠲᠠᠷᠢᠶᠠᠯᠠᠩ ᠤᠨ ᠤᠰᠤ ᠠᠷᠪᠢᠯᠠᠬᠤ ᠦᠷ᠎ᠡ ᠠᠰᠢᠭ ᠢ ᠨᠡᠮᠡᠭᠳᠡᠭᠦᠯᠵᠦ ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠭᠥᠨ ᠵᠤᠵᠠᠭᠠᠨ ᠤᠰᠤ ᠠᠷᠪᠢᠯᠠᠬᠤ ᠠᠭᠤᠷ ᠠᠮᠢᠰᠬᠤᠯ ᠢ ᠪᠣᠶ ᠪᠣᠯᠭᠠᠨ᠂ ᠪᠥᠬᠦ ᠨᠡᠶᠢᠭᠡᠮ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠢ ᠳᠠᠶᠢᠴᠢᠯᠠᠨ ᠤᠰᠤ ᠠᠷᠪᠢᠯᠠᠬᠤ ᠦᠢᠯᠡᠰ ᠲᠤ ᠬᠠᠮᠲᠤᠪᠠᠷ ᠣᠷᠣᠯᠴᠠᠭᠤᠯᠵᠤ᠂ ᠪᠥᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
4_副本.jpg
       ᠸᠠᠩ ᠵᠧᠨ ᠯᠢᠶᠠᠩ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠤᠨ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠵᠥᠪᠯᠡᠬᠦ ᠴᠢᠳᠠᠪᠤᠷᠢ ᠪᠠᠨ ᠳᠡᠭᠡᠭᠰᠢᠯᠡᠭᠦᠯᠥᠨ ᠦᠨᠡᠨ ᠦᠭᠡ ᠬᠡᠯᠡᠵᠦ ᠂ ᠳᠦᠷᠢᠮ ᠤᠨ ᠳᠠᠪᠠᠭᠤᠯᠢᠭ ᠢᠶᠠᠨ  ᠪᠠᠳᠠᠷᠠᠭᠤᠯᠤᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠤᠯᠤᠰ ᠲᠦᠷᠦ ᠶᠢᠨ ᠵᠥᠪᠯᠡᠯᠭᠡᠨ ᠤ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠯᠡᠷᠡᠭᠦᠯᠥᠨ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠪᠦᠬᠦ ᠲᠠᠯ᠎ᠠ ᠪᠠᠷ ᠪᠣᠬᠢᠷᠳᠤᠯ ᠦᠭᠡᠢ ᠬᠡᠯᠪᠡᠷᠢ ᠥᠭᠡᠳᠡ ᠬᠤᠪᠢᠷᠠᠭᠤᠯᠬᠤ ᠂ ᠬᠥᠮᠥᠨ ᠪᠠᠶᠢᠭᠠᠯᠢ ᠡᠶ᠎ᠡ ᠵᠣᠬᠢᠴᠠᠭᠰᠠᠨ  ᠣᠳᠣᠬᠢᠴᠢᠯᠠᠭᠰᠠᠨ ᠶᠤᠸᠠᠨ ᠪᠦᠦ ᠱᠠᠨ ᠢ ᠪᠦᠲᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠯᠢ ᠽᠥᠩ ᠮᠧᠩ ᠮᠠᠨ ᠤ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠢ ᠪᠠᠶᠢᠳᠠᠯ ᠵᠢᠴᠢ ᠬᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠮᠠᠨ ᠤ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠣᠭᠤᠷᠢᠭ ᠤᠨ ᠵᠠᠰᠠᠭ ᠤᠨ ᠣᠷᠳᠣᠨ ᠶᠠᠷᠢᠶ᠎ᠠ ᠬᠡᠯᠡᠯᠴᠡᠭᠡᠨ ᠤ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠪᠦᠬᠦ ᠲᠣᠭᠤᠷᠢᠭ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠥᠨ᠂ ᠤᠰᠤᠨ ᠤ ᠡᠬᠢ ᠪᠠᠶᠠᠯᠢᠭ ᠢ ᠠᠷᠪᠢᠯᠠᠵᠤ ᠬᠠᠮᠠᠭᠠᠯᠠᠬᠤ ᠪᠠ ᠥᠷᠭᠦᠯᠵᠢᠯᠡᠬᠦᠶᠢᠴᠡ ᠠᠰᠢᠭᠯᠠᠬᠤ ᠶᠢ ᠠᠬᠢᠭᠤᠯᠵᠤ᠂ ᠲᠥᠬᠦᠭᠡᠷᠥᠮᠵᠢ ᠶᠢᠨ ᠳᠤᠲᠠᠭᠳᠠᠯ ᠢ ᠨᠥᠬᠦᠪᠥᠷᠢᠯᠡᠨ᠂ ᠵᠠᠬ᠎ᠠ ᠳᠡᠯᠭᠡᠭᠦᠷ ᠤᠨ ᠲᠣᠭᠲᠠᠴᠠ ᠶᠢ ᠪᠦᠷᠢᠨᠰᠢᠭᠦᠯᠵᠦ᠂ ︽ ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠰᠢᠨᠵᠢᠯᠡᠬᠦ ᠤᠬᠠᠭᠠᠨᠴᠢ᠂ ᠤᠷᠲᠤᠮᠵᠢ ᠶᠢᠨ ᠪᠥᠲᠥᠮᠵᠢᠲᠠᠢ ᠲᠣᠭᠲᠠᠴᠠ ᠶᠢ ᠪᠣᠢ ᠪᠣᠯᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠠᠷ ᠮᠠᠨ ᠤ ᠲᠣᠭᠤᠷᠢᠭ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠲᠤᠯᠭᠠᠭᠤᠷᠢᠯᠠᠨ᠎ᠠ ᠭᠡᠵᠦ ᠢᠯᠡᠳᠬᠡᠪᠡ᠃    ᠬᠤᠷᠠᠯ ᠠᠴᠠ ᠡᠮᠦᠨ᠎ᠡ ᠂ ᠸᠠᠩ ᠵᠧᠨ ᠯᠢᠶᠠᠩ ᠨᠠᠷ ᠤᠯᠠᠭᠠᠨᠬᠠᠳᠠ ᠶᠢᠨ ᠿᠥᠢ ᠶᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠂ ᠴᠠᠩ ᠲᠠᠢ ᠤᠰᠤᠨ ᠤ ᠥᠢᠯᠡᠰ ᠤᠨ ᠳᠥᠷᠪᠡᠳᠦᠭᠡᠷ ᠤᠰᠤᠨ ᠤ ᠦᠢᠯᠡᠳᠪᠦᠷᠢ ᠳᠤ ᠬᠦᠷᠴᠦ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠤᠨ ᠲᠤᠬᠠᠢ ᠰᠢᠨᠵᠢᠯᠡᠨ ᠪᠠᠶᠢᠴᠠᠭᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1