ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠬᠡᠪᠯᠡᠭᠦᠯᠦᠨ ᠲᠠᠷᠬᠠᠭᠠᠬᠤ ᠪᠠᠷ ᠪᠠᠶᠢᠭ᠎ᠠ ︽ᠰᠡᠷᠭᠦᠨ ᠮᠠᠨᠳᠤᠯᠲᠠ | ᠵᠤᠬᠢᠶᠠᠯ ᠤᠨ ᠬᠥᠮᠥᠷᠭᠡ︾ ᠳᠤ ︽ᠰᠡᠷᠭᠦᠨ ᠮᠠᠨᠳᠤᠯᠲᠠ ᠶᠢᠨ ᠵᠠᠮ ᠢᠶᠠᠷ ᠡᠷᠡᠰ ᠪᠠᠲᠤ ᠤᠷᠤᠭᠰᠢᠯᠠᠶ᠎ᠠ︾ ᠭᠡᠬᠦ ᠰᠡᠳᠦᠪ ᠲᠠᠢ | ᠣᠷᠣᠰᠢᠯ ᠪᠢᠴᠢᠵᠦ ᠥᠭᠪᠡ᠃ | ᠰᠢ ᠶᠢᠨ ᠫᠢᠩ᠂ ᠲᠡᠦᠬᠡ ᠰᠤᠳᠤᠷ ᠢ ᠪᠢᠴᠢᠵᠦ᠂ ᠲᠡᠦᠭᠡᠨ ᠮᠠᠲ᠋ᠧᠷᠢᠶᠠᠯ ᠠᠴᠠ ᠰᠡᠩᠬᠡᠷᠡᠭᠦᠯᠦᠯ ᠤᠯᠵᠦ᠂ ᠰᠣᠶᠣᠯ ᠢᠶᠠᠷ | ᠬᠥᠮᠦᠨ ᠢ ᠤᠬᠠᠭᠠᠷᠠᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠤᠯᠠᠮᠵᠢᠯᠠᠯ | ᠪᠣᠯᠤᠨ᠎ᠠ᠃ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠶᠢ ᠨᠠᠶᠢᠷᠠᠭᠤᠯᠬᠤ ᠪᠣᠯ ᠨᠠᠮ ᠤᠨ ᠲᠥᠪ ᠬᠤᠷᠢᠶᠠᠨ ᠠᠴᠠ | ᠵᠥᠪᠰᠢᠶᠡᠷᠡᠨ ᠬᠡᠷᠡᠭᠵᠢᠭᠦᠯᠦᠭᠰᠡᠨ ᠴᠢᠬᠤᠯᠠ ᠶᠡᠭᠡ ᠰᠣᠶᠣᠯ ᠤᠨ ᠢᠨᠵᠧᠨᠧᠷᠢᠩ ᠪᠣᠯᠤᠨ᠎ᠠ᠃ ᠮᠠᠨ ᠤ ᠨᠠᠮ ᠠᠷᠠᠳ ᠲᠦᠮᠡᠨ ᠢ | ᠳᠠᠭᠠᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ | ᠮᠣᠷᠳᠠᠬᠤ ᠲᠠᠰᠢᠷᠠᠮ ᠳᠤ᠂ ᠡᠨᠡ ᠬᠦ ᠰᠤᠳᠤᠷ ᠪᠢᠴᠢᠭ ᠢ ᠬᠡᠪᠯᠡᠭᠦᠯᠬᠦ ᠨᠢ ᠪᠢᠳᠡᠨ ᠤ ᠲᠡᠦᠬᠡ ᠶᠢᠨ ᠢᠲᠡᠭᠡᠯ ᠢᠶᠠᠨ ᠪᠠᠲᠤᠳᠬᠠᠬᠤ | ᠂ ᠴᠠᠭ ᠦᠶ᠎ᠡ ᠶᠢᠨ ᠶᠡᠭᠡ ᠬᠠᠨᠳᠤᠰᠢ ᠶᠢ ᠡᠵᠡᠮᠳᠡᠬᠦ᠂ ᠳᠤᠮᠳᠠᠳᠤ ᠤᠯᠤᠰ ᠤᠨ ᠵᠠᠮ ᠢᠶᠠᠷ ᠰᠠᠶᠢᠲᠤᠷ ᠵᠠᠮᠨᠠᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠮᠥᠨ᠂ | ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ ᠣᠷᠴᠢᠨ | ᠦᠶ᠎ᠡ ᠠᠴᠠ ᠨᠠᠭᠠᠰᠢ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠪᠠᠶᠢᠭ᠎ᠠ ᠦᠭᠡᠢ ᠭᠠᠢ ᠵᠣᠪᠠᠯᠠᠩ ᠳᠤ ᠤᠴᠠᠷᠠᠪᠠ᠃ | ᠲᠡᠷᠡ ᠦᠶ᠎ᠡ ᠠᠴᠠ ᠡᠬᠢᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ | ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ | ᠵᠡᠭᠦᠳᠦ ᠪᠣᠯᠵᠠᠢ᠃ ᠲᠤᠭ᠎ᠠ ᠲᠣᠮᠰᠢ ᠦᠭᠡᠢ ᠴᠢᠩ ᠵᠤᠷᠢᠬᠳᠠᠨ ᠴᠥᠬᠦᠷᠡᠰᠢ ᠦᠭᠡᠢ ᠲᠡᠮᠡᠴᠡᠵᠦ᠂ ᠬᠠᠶᠢᠨ ᠰᠦᠪᠡᠭᠴᠢᠯᠡᠵᠦ᠂ | ᠲᠡᠮᠡᠤᠯᠦᠨ ᠤᠷᠤᠭᠰᠢᠯᠠᠵᠤ ᠤᠷᠢᠶᠠᠯᠠᠨ ᠬᠠᠰᠭᠢᠷᠴᠤ᠂ ᠡᠷᠡᠯᠬᠡᠭᠯᠡᠨ ᠪᠣᠰᠴᠤ ᠡᠰᠡᠷᠭᠦᠴᠡᠨ ᠲᠡᠮᠡᠴᠡᠪᠡ᠃ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠰᠢᠷᠭᠠᠭᠤ ᠬᠠᠲᠠᠭᠤᠵᠢᠯᠲᠠᠢ ᠭᠠᠷᠮᠠᠭᠠᠢ ᠲᠡᠮᠡᠴᠡᠯ ᠬᠢᠵᠦ᠂ ᠮᠠᠷᠺᠰ ᠤᠨ | ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠡᠷᠢᠨ ᠣᠯᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ | ᠡᠯ᠎ᠡ ᠲᠡᠦᠬᠡᠨ ᠴᠠᠭ ᠦᠶ᠎ᠡ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠪᠣᠰᠴᠤ ᠵᠣᠭᠰᠣᠭᠰᠠᠨ᠂ | ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠵᠤ᠂ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠶᠠᠪᠤᠴᠠ ᠳᠠᠬᠢ ᠬᠠᠮᠤᠭ ᠤᠨ ᠰᠦᠷ ᠳᠠᠯᠠᠶᠢᠴᠠᠲᠠᠢ ᠲᠡᠦᠬᠡᠨ ᠬᠠᠭᠤᠳᠠᠰᠤ ᠶᠢ ᠪᠢᠴᠢᠭᠯᠡᠵᠦ | ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠤᠷᠢᠳ ᠡᠮᠦᠨ᠎ᠡ ᠪᠠᠶᠢᠭ᠎ᠠ ᠦᠭᠡᠢ ᠭᠡᠭᠡᠨ | ᠰᠠᠷᠠᠭᠤᠯ ᠢᠷᠡᠭᠡᠳᠦᠢ ᠲᠠᠢ ᠪᠣᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠪᠣᠯᠤᠨ ᠵᠥᠪ ᠵᠠᠮ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ | ᠲᠦᠭ ᠲᠦᠮᠡᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠᠯ ᠳᠤᠮᠳᠠᠳᠤ | ᠤᠯᠤᠰ ᠤᠨ ᠠᠷᠠᠳ ᠲᠦᠮᠡᠨ ᠳᠠᠷᠤᠢ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ | ᠭᠠᠷ ᠲᠠᠭᠠᠨ ᠪᠠᠲᠤ ᠡᠵᠡᠮᠳᠡᠵᠦ ᠴᠢᠳᠠᠨ᠎ᠠ ᠭᠡᠳᠡᠭ ᠢ ᠲᠡᠦᠬᠡ ᠨᠢᠭᠡᠨᠲᠡ ᠭᠡᠷᠡᠴᠢᠯᠡᠭᠰᠡᠨ ᠪᠥᠭᠡᠳ ᠦᠷᠭᠦᠯᠵᠢᠯᠡᠨ ᠭᠡᠷᠡᠴᠢᠯᠡᠬᠦ | ᠪᠣᠯᠤᠨ᠎ᠠ︕ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠦᠶ᠎ᠡ ᠦᠶ᠎ᠡ ᠶᠢᠨ | ᠳᠤᠮᠳᠠᠳᠤ ᠶᠢᠨ ᠦᠨᠳᠦᠰᠦᠲᠡᠨ ᠤ ᠲᠡᠷᠢᠭᠦᠨ ᠤ ᠬᠥᠮᠦᠰ ᠪᠣᠯᠤᠨ ᠰᠢᠯᠢᠳᠡᠭ ᠬᠥᠪᠡᠭᠦᠳ ᠥᠬᠢᠳ ᠤᠨ ᠬᠠᠶᠢᠨ | ᠰᠦᠪᠡᠭᠴᠢᠯᠡᠯᠳᠡ᠂ ᠲᠡᠮᠡᠴᠡᠯ᠂ ᠦᠷᠡᠭᠳᠡᠯ᠂ ᠡᠭᠦᠳᠦᠯᠲᠡ ᠨᠢ ᠶᠡᠭᠡ ᠬᠡᠮᠵᠢᠶᠡᠨ ᠤ ᠴᠢᠬᠤᠯᠠ ᠲᠡᠦᠬᠡᠨ ᠦᠨ᠎ᠡ ᠦᠷᠳᠡᠭ ᠪᠠ | ᠴᠠᠭ ᠦᠶ᠎ᠡ ᠶᠢᠨ ᠠᠴᠢ ᠬᠤᠯᠪᠣᠭᠳᠠᠯ ᠲᠠᠢ ᠬᠤᠪᠣᠷ ᠨᠠᠨᠳᠢᠨ ᠲᠤᠯᠭᠤᠷ ᠪᠢᠴᠢᠭ ᠢ ᠦᠯᠡᠳᠡᠭᠡᠵᠡᠢ᠃ ︽ᠰᠡᠷᠭᠦᠨ ᠮᠠᠨᠳᠤᠯᠲᠠ | ᠵᠤᠬᠢᠶᠠᠯ ᠤᠨ ᠬᠥᠮᠥᠷᠭᠡ︾ ᠭᠡᠬᠦ ᠲᠤᠮᠤ ᠬᠡᠯᠪᠡᠷᠢ ᠶᠢᠨ ᠲᠡᠦᠬᠡᠨ ᠲᠤᠯᠭᠤᠷ ᠪᠢᠴᠢᠭ ᠤᠨ ᠴᠤᠪᠤᠷᠠᠯ ᠪᠢᠴᠢᠭ ᠢ ᠨᠠᠶᠢᠷᠠᠭᠤᠯᠤᠨ | ᠬᠡᠪᠯᠡᠭᠦᠯᠬᠦ ᠭᠡᠵᠦ ᠪᠠᠶᠢᠭ᠎ᠠ ᠨᠢ ᠳᠠᠷᠤᠢ ᠤᠢᠢᠷ᠎ᠠ ᠦᠶ᠎ᠡ ᠠᠴᠠ ᠨᠠᠭᠠᠰᠢᠬᠢ ᠴᠢᠬᠤᠯᠠ ᠦᠵᠡᠯ ᠰᠠᠨᠠᠭᠠᠨ ᠤ ᠲᠤᠯᠭᠤᠷ | ᠪᠢᠴᠢᠭ ᠤᠨ ᠰᠣᠩᠭᠤᠮᠠᠯ ᠢᠶᠠᠷ ᠲᠠᠮᠵᠢᠨ᠂ ᠤᠷᠢᠳᠤᠬᠢ ᠬᠥᠮᠦᠰ ᠤᠨ ᠨᠡᠭᠡᠭᠡᠯᠳᠡ ᠶᠢ ᠬᠦᠦᠷᠨᠢᠨ᠂ ᠢᠷᠡᠬᠦ ᠬᠦᠮᠦᠰ ᠤᠨ | ᠲᠡᠮᠡᠴᠡᠯ ᠢ ᠰᠡᠩᠭᠡᠷᠡᠭᠦᠯᠬᠦ ᠪᠣᠯᠤᠨ᠎ᠠ᠃ ᠣᠳᠣᠬᠠᠨ ᠳᠤ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠲᠦᠷᠭᠡᠰᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ | ᠦᠶ᠎ᠡ ᠳᠤ ᠣᠷᠣᠵᠤ᠂ ᠪᠢᠳᠡᠡ ᠤ ᠲᠡᠦᠬᠡ ᠪᠠᠷ ᠲᠤᠯᠢ ᠪᠣᠯᠭᠠᠵᠤ᠂ ᠥᠩᠭᠡᠷᠡᠭᠰᠡᠨ ᠢ ᠠᠵᠢᠬᠯᠠᠵᠤ ᠢᠷᠡᠭᠡᠳᠦᠢ ᠶᠢ ᠮᠡᠳᠡᠬᠦ ᠶᠢ | ᠨᠡᠩ ᠱᠠᠭᠠᠷᠳᠠᠵᠤ ᠪᠠᠶᠢᠨ᠎ᠠ᠃ ᠨᠠᠮ ᠤᠨ ᠲᠡᠦᠬᠡ ᠶᠢ ᠰᠠᠶᠢᠲᠤᠷ ᠰᠤᠷᠤᠯᠴᠠᠭᠰᠠᠨ ᠰᠠᠭᠤᠷᠢᠨ ᠳᠡᠭᠡᠷ᠎ᠡ᠂ ᠳᠤᠮᠳᠠᠳᠤ | ᠤᠯᠤᠰ ᠤᠨ ᠣᠷᠴᠢᠨ ᠦᠶ᠎ᠡ ᠶᠢᠨ ᠲᠡᠦᠬᠡ ᠶᠢ ᠰᠠᠶᠢᠲᠤᠷ ᠰᠤᠷᠤᠯᠴᠠᠵᠤ᠂ ᠳᠤᠮᠳᠠᠳᠤ ᠤᠯᠤᠰ ᠤᠨ ᠲᠡᠦᠬᠡ ᠶᠢ ᠰᠠᠶᠢᠲᠤᠷ | ᠰᠤᠷᠤᠯᠴᠠᠵᠤ᠂ ᠪᠢᠳᠡ ᠬᠠᠮᠢᠭ᠎ᠠ ᠠᠴᠠ ᠢᠷᠡᠭᠰᠡᠨ᠂ ᠬᠠᠮᠢᠭ᠎ᠠ ᠬᠦᠷᠬᠦ ᠪᠠᠨ ᠲᠣᠳᠣᠷᠬᠠᠢ ᠮᠡᠳᠡᠵᠦ᠂ ᠳᠤᠮᠳᠠᠳᠤ ᠤᠯᠤᠰ ᠤᠨ | ᠡᠪ ᠬᠠᠮᠲᠤᠴᠤᠳ ᠶᠠᠭᠤ ᠬᠢᠳᠡᠭ᠂ ᠨᠢᠭᠡᠨᠲᠡ ᠶᠠᠭᠤ ᠬᠢᠭᠰᠡᠨ᠂ ᠪᠠᠰᠠ ᠶᠠᠭᠤ ᠬᠢᠬᠦ ᠪᠠᠨ ᠲᠣᠳᠣᠷᠬᠠᠢ ᠮᠡᠳᠡᠵᠦ᠂ | ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠢᠷᠡᠭᠡᠳᠦᠢ ᠳᠤ ᠶᠠᠭᠠᠬᠢᠪᠠᠯ ᠰᠠᠶ᠋ᠢ ᠦᠷᠭᠦᠯᠵᠢᠯᠡᠨ | ᠠᠮᠵᠢᠯᠲᠠ ᠣᠯᠵᠤ ᠴᠢᠳᠠᠬᠤ ᠪᠠᠨ ᠲᠣᠳᠣᠷᠬᠠᠢ ᠣᠶᠢᠯᠠᠭᠠᠬᠤ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ | ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ | ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠲᠡᠦᠬᠡ ᠶᠢᠨ ᠤᠬᠢ | ᠱᠦᠯᠳᠤ ᠶᠢ ᠰᠢᠩᠬᠡᠬᠡᠵᠤ᠂ ᠤᠨᠤᠯ ᠤᠨ ᠰᠢᠨ᠎ᠡ ᠶᠢ ᠡᠬᠦᠳᠬᠦ ᠶᠢ ᠠᠬᠢᠭᠤᠯᠵᠤ᠂ ᠳᠤᠮᠳᠠᠳᠤ ᠤᠯᠤᠰ ᠤᠨ ᠡᠷᠳᠡᠮ | ᠰᠢᠨᠵᠢᠯᠡᠭᠡᠨ ᠢ ᠨᠡᠩ ᠰᠠᠶᠢᠲᠤᠷ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠤᠯᠤᠰ ᠤᠨ ᠤᠨᠤᠯ ᠢ ᠬᠥᠭᠵᠢᠭᠦᠯᠵᠦ᠂ | ᠳᠤᠮᠳᠠᠳᠤ ᠤᠯᠤᠰ ᠤᠨ ᠦᠵᠡᠯ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠤᠶᠤᠨ ᠰᠠᠨᠠᠭᠠᠨ ᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ ᠪᠠᠷᠢᠮᠲᠠᠯᠠᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠮᠠᠨ ᠤ ᠡᠨᠡ ᠦᠶ᠎ᠡ ᠶᠢᠨ ᠬᠥᠮᠦᠰ ᠤᠨ | ᠤᠶᠤᠨ ᠤᠬᠠᠭᠠᠨ ᠪᠣᠯᠤᠨ ᠬᠦᠴᠦᠨ ᠴᠢᠳᠠᠯ ᠢ ᠨᠡᠮᠡᠷᠢᠯᠡᠵᠦ᠂ ᠮᠠᠨ ᠤ ᠡᠨᠡ ᠦᠶ᠎ᠡ ᠶᠢᠨ ᠬᠥᠮᠦᠰ ᠤᠨ ᠢᠶᠠᠨ ᠠᠮᠵᠢᠯᠲᠠ | ᠪᠦᠲᠦᠮᠵᠢ ᠪᠣᠯᠤᠨ ᠦᠩᠭᠡ ᠭᠡᠷᠡᠯ ᠢ ᠡᠭᠦᠳᠬᠦ ᠬᠡᠷᠡᠭᠲᠡᠢ ᠬᠡᠵᠤ ᠵᠢᠭᠠᠵᠤ ᠭᠠᠷᠭᠠᠪᠠ᠃ | ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠪᠠᠷ ᠭᠤᠣᠯ ᠰᠡᠳᠦᠪ ᠪᠣᠯᠭᠠᠵᠤ᠂ ᠦᠵᠡᠯ ᠰᠠᠨᠠᠭᠠᠨ ᠤ ᠲᠡᠦᠬᠡ ᠪᠠᠷ ᠦᠨᠳᠦᠰᠦᠨ ᠰᠦᠪᠡᠭᠴᠢ ᠪᠣᠯᠭᠠᠵᠤ᠂ | 1840 ᠣᠨ ᠤ ᠬᠠᠷ᠎ᠠ ᠲᠠᠮᠠᠬᠢ ᠶᠢᠨ ᠲᠠᠶᠢᠨ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠲᠠᠢ ᠬᠤᠯᠪᠣᠭᠳᠠᠬᠤ ᠴᠢᠬᠤᠯᠠ ᠲᠤᠯᠭᠤᠷ ᠪᠢᠴᠢᠭ ᠢ ᠰᠣᠩᠭᠤᠨ ᠤᠷᠤᠭᠤᠯᠵᠤ᠂ ᠳᠤᠮᠳᠠᠳᠤ ᠤᠯᠤᠰ ᠤᠨ ᠡᠪ | ᠬᠠᠮᠲᠤᠴᠤᠳ ᠢᠶᠠᠷ ᠲᠥᠯᠥᠭᠡᠯᠡᠭᠦᠯᠦᠭᠰᠡᠨ ᠳᠤᠮᠳᠠᠳᠤ ᠶᠢᠨ ᠰᠢᠯᠢᠳᠡᠭ ᠬᠥᠪᠡᠭᠦᠳ ᠥᠬᠢᠳ ᠤᠨ ᠤᠯᠤᠰ ᠣᠷᠣᠨ ᠤ ᠪᠠᠶᠠᠨ | ᠬᠦᠴᠦᠷᠬᠡᠭ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠬᠦᠯᠬᠦ ᠶᠢᠨ ᠲᠦᠯᠤᠬᠡ | ᠴᠥᠬᠦᠷᠡᠰᠢ ᠦᠭᠡᠢ ᠡᠷᠢᠯᠬᠢᠯᠡᠵᠦ᠂ ᠨᠤᠭᠤᠷᠠᠰᠢ ᠦᠭᠡᠢ ᠲᠡᠮᠡᠴᠡᠭᠰᠡᠨ ᠲᠡᠦᠭᠡᠨ ᠤᠯᠠ ᠮᠥᠷ ᠢ ᠪᠦᠬᠦ ᠲᠠᠯ᠎ᠠ ᠪᠠᠷ ᠬᠦᠤᠷᠨᠢᠵᠤ᠂ | ᠳᠤᠮᠳᠠᠳᠤ ᠤᠯᠤᠰ ᠤᠨ ᠬᠥᠭᠵᠢᠯᠲᠡ ᠶᠢᠨ ᠠᠬᠢᠴᠠ ᠶᠢ ᠨᠥᠯᠥᠭᠡᠯᠡᠭᠰᠡᠨ᠂ ᠴᠠᠭ ᠦᠶ᠎ᠡ ᠶᠢᠨ ᠳᠠᠪᠰᠢᠯᠲᠠ ᠶᠢ ᠬᠥᠲᠥᠯᠥᠨ | ᠳᠠᠭᠠᠭᠤᠯᠤᠬᠰᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠤᠭᠰᠠᠨ ᠦᠵᠡᠯ ᠰᠠᠨᠠᠭᠠᠨ ᠤ ᠦᠷ᠎ᠡ ᠪᠦᠲᠦᠭᠡᠯ ᠢ | ᠲᠦᠪᠯᠡᠷᠡᠩᠬᠦᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠦᠭ ᠤᠷᠤᠭᠰᠢᠯᠠᠬᠤ | ᠲᠡᠦᠬᠡᠨ ᠯᠣᠭᠢᠭ᠂ ᠦᠵᠡᠯ ᠰᠠᠨᠠᠭᠠᠨ ᠤ ᠡᠬᠢ ᠰᠤᠷᠪᠤᠯᠵᠢ ᠪᠠ ᠰᠣᠶᠣᠯ ᠤᠨ ᠰᠤᠳᠠᠰᠤ ᠶᠢ ᠬᠦᠨᠵᠡᠬᠡᠢ ᠢᠯᠡᠷᠡᠬᠦᠯᠪᠠ᠃ ︽ | ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠨᠢ ᠨᠡᠶᠢᠲᠡ ᠲᠠᠪᠤᠨ ᠪᠤᠳᠢ ᠪᠠᠶᠢᠵᠦ᠂ ᠡᠭᠦᠨ ᠳᠤ ᠨᠢᠭᠡᠳᠦᠭᠡᠷ ᠠᠴᠠ | ᠭᠤᠷᠪᠠᠳᠤᠭᠠᠷ ᠪᠤᠳᠢ ᠶᠢ ᠣᠶᠢᠷ᠎ᠠ ᠳᠤ ᠬᠡᠪᠯᠠᠭᠦᠯᠦᠨ ᠲᠠᠷᠬᠠᠭᠠᠬᠤ ᠪᠤᠯᠤᠨ᠎ᠠ᠃ | |