ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠷᠠᠳ ᠣᠯᠡᠨ ᠤ ᠢᠳᠡᠭᠡᠨ ᠤ ᠠᠮᠤᠷ ᠲᠥᠪᠰᠢᠨ ᠢ ᠥᠨᠡᠨ ᠬᠦ ᠪᠠᠲᠤᠯᠠᠬᠤ ᠶᠢᠨ ᠲᠥᠯᠥᠭᠡ᠂ | ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠳᠡᠳ᠋ ᠲᠣᠭᠤᠷᠢᠭ ᠤᠨ ᠳᠠᠷᠤᠭ᠎ᠠ ᠫᠧᠩ ᠰᠢᠶᠣᠣ ᠵᠢᠤᠸᠠᠨ ᠥᠪᠥᠷ | ᠮᠣᠩᠭᠤᠯ ᠤᠨ ᠹᠦ᠋ ᠶᠤᠸᠠᠢ ᠰᠢᠶᠠᠩ ᠢᠳᠡᠭᠡᠨ ᠤ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠮᠣᠩᠭᠤᠯ | ᠢᠯᠳᠦ ᠠᠷᠢᠬᠢ ᠨᠡᠷᠡᠬᠦ ᠦᠢᠯᠡᠳᠪᠦᠷᠢ᠂ ᠤᠯᠠᠭᠠᠨᠬᠠᠳᠠ ᠶᠢᠨ ᠿᠥᠢ ᠴᠢᠩ ᠮᠢᠬᠠᠨ ᠤ ᠪᠦᠲᠦᠭᠡᠭᠳᠡᠬᠦᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠶᠤᠸᠠᠨ ᠪᠦᠦ ᠱᠠᠨ ᠲᠣᠭᠤᠷᠢᠭ ᠤᠨ ᠢᠥ ᠫᠢᠨ ᠸᠧᠢ ᠮᠠᠢ ᠪᠣᠭᠤᠷᠰᠤᠭ ᠤᠨ | ᠦᠢᠯᠡᠳᠪᠦᠷᠢ᠂ ᠵᠠᠩ ᠵᠢᠶᠠ ᠰᠢᠶᠣᠣ ᠭᠤᠸᠠᠨ ᠬᠤᠭᠤᠯᠠᠨ ᠭᠡᠷ ᠵᠡᠷᠭᠡ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠳᠤ ᠬᠦᠷᠴᠦ ᠢᠳᠡᠭᠡᠨ ᠤ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠴᠠᠭᠠᠨ ᠰᠤᠳᠤᠯᠪᠠ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠬᠠᠷᠢᠭᠤᠴᠠᠯᠭᠠᠲᠠᠨ ᠪᠣᠯᠣᠨ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯᠲᠠᠨ ᠪᠠᠷ᠎ᠠ ᠪᠣᠯᠵᠤ | ᠪᠠᠶᠢᠴᠠᠭᠠᠨ ᠰᠤᠳᠤᠯᠤᠯᠲᠠ ᠬᠢᠪᠡ᠃ | | | | ᠫᠧᠩ ᠰᠢᠶᠣᠣ ᠵᠢᠤᠸᠠᠨ ᠬᠦᠷᠬᠦ ᠭᠠᠵᠠᠷ ᠪᠣᠯᠭᠠᠨ ᠳᠤ ᠪᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠢ ᠡᠵᠡᠮᠳᠡᠬᠦ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠠᠵᠤ | ᠠᠬᠤᠶᠢᠯᠠᠯ ᠤᠨ ᠬᠢᠷᠢ ᠬᠡᠮ ᠤᠨ ᠵᠥᠪᠰᠢᠶᠡᠷᠡᠯ᠂ ᠲᠦᠭᠦᠬᠡᠢ ᠮᠠᠲ᠋ᠧᠷᠢᠶᠠᠯ ᠤᠨ ᠪᠣᠭᠤᠮᠲᠠ ᠶᠢ ᠡᠵᠡᠮᠳᠡᠬᠦ᠂ | ᠦᠢᠯᠡᠳᠪᠦᠷᠢᠯᠡᠯ ᠤᠨ ᠶᠠᠪᠤᠴᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠬᠦ ᠪᠠ ᠦᠢᠯᠡᠳᠬᠦᠨ ᠢ ᠦᠢᠯᠡᠳᠪᠦᠷᠢ ᠠᠴᠠ | ᠭᠠᠷᠭᠠᠬᠤ ᠳᠤ ᠰᠢᠯᠭᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠥᠢᠯᠠᠭᠠᠨ᠂ | ᠠᠵᠤ ᠠᠬᠤᠶᠢᠯᠠᠯ ᠤᠨ ᠠᠵᠢᠯᠲᠠᠨ ᠤ ᠡᠷᠡᠭᠦᠯ ᠮᠡᠨᠳᠦ ᠶᠢᠨ ᠭᠡᠷᠡᠴᠢ᠂ ᠢᠳᠡᠭᠡᠨ ᠤ ᠲᠦᠭᠦᠬᠡᠢ ᠮᠠᠲ᠋ᠧᠷᠢᠶᠠᠯ ᠢ | ᠬᠠᠳᠠᠭᠠᠯᠠᠭᠰᠠᠨ ᠵᠢᠴᠢ ᠬᠤᠳᠠᠯᠳᠤᠨ ᠠᠪᠴᠤ ᠰᠢᠯᠭᠠᠨ ᠪᠠᠶᠢᠴᠠᠭᠠᠭᠰᠠᠨ ᠲᠡᠮᠳᠡᠭᠯᠡᠯ᠂ ᠢᠳᠡᠭᠡᠨ ᠢ ᠪᠣᠯᠪᠠᠰᠤᠷᠠᠭᠤᠯᠤᠨ | ᠦᠶᠯᠡᠳᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠶᠢ ᠠᠬᠤᠢ ᠲᠠᠯᠠᠪᠤᠷ ᠲᠤ ᠨᠢ ᠪᠠᠶᠢᠴᠠᠭᠠᠨ ᠥᠵᠡᠬᠦ ᠶᠢᠨ | ᠬᠠᠮᠲᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠢᠪᠠᠳᠠᠨ ᠪᠠᠶᠢᠴᠠᠭᠠᠪᠠ᠃ | | | | ᠫᠧᠩ ᠰᠢᠶᠣᠣ ᠵᠢᠤᠸᠠᠨ ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠢᠨ ᠢᠳᠡᠭᠡᠨ ᠤ | ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠢᠳᠡᠭᠡᠨ ᠤ ᠠᠮᠤᠷ ᠲᠦᠪᠰᠢᠨ ᠤ ᠨᠢᠭᠡᠳᠦᠭᠡᠷ | ᠬᠠᠷᠢᠭᠤᠴᠠᠯᠭᠠᠲᠤ ᠬᠥᠮᠥᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ ︔ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠪᠠ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠥᠪᠡᠷ ᠤᠨ ᠪᠠᠶᠢᠴᠠᠭᠠᠯᠲᠠ ᠶᠢ ᠬᠢᠨᠠᠮᠠᠭᠠᠢ ᠥᠷᠨᠢᠭᠦᠯᠵᠦ᠂ | ᠢᠳᠡᠭᠡᠨ ᠤ ᠠᠮᠤᠷ ᠲᠦᠪᠰᠢᠨ ᠤ ᠳᠠᠯᠳᠠ ᠭᠡᠮ ᠰᠤᠭᠤᠭ ᠢ ᠬᠥᠳᠡᠯᠥᠩᠭᠦᠢ ᠪᠠᠷ ᠠᠷᠢᠯᠭᠠᠨ᠂ ᠤᠯᠠᠭᠠᠨ ᠴᠠᠭᠠᠨ | ᠢᠳᠡᠭᠡᠨ ᠵᠡᠷᠭᠡ ᠭᠤᠣᠯᠳᠠᠯᠭ᠎ᠠ ᠲᠠᠢ ᠦᠢᠯᠡᠳᠬᠦᠨ ᠤ ᠡᠬᠢ ᠢᠷᠡᠯᠲᠡ ᠶᠢ ᠮᠥᠷᠳᠡᠵᠦ ᠳᠡᠶᠢᠯᠬᠦ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ ᠂ ᠪᠠᠶᠢᠴᠠᠭᠠᠪᠠᠯ ᠪᠠᠷᠢᠮᠳᠠ ᠲᠠᠢ ᠮᠥᠷᠳᠡᠪᠡᠯ ᠡᠬᠢ ᠲᠠᠢ ᠪᠠᠶᠢᠬᠤ ᠶᠢ ᠪᠡᠶᠡᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | |