9 ᠰᠠᠷ᠎ᠠ ᠶᠢᠨ 7 ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠢᠩ | ᠰᠢᠶᠣᠣ ᠢᠦᠢ ᠂ ᠸᠠᠩ ᠹᠦ᠋ ᠨᠡᠶᠢᠭᠡᠮ ᠲᠣᠭᠤᠷᠢᠭ ᠤᠨ ᠭᠡᠰᠢᠭᠦᠳ ᠤᠨ ᠠᠵᠢᠯᠯᠠᠬᠤ ᠲᠠᠰᠤᠭ ᠲᠤ ︽ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠤᠨ ᠵᠠᠳᠠᠭᠠᠢ ᠤᠳᠠᠰᠤ ᠶᠢ ᠴᠡᠭᠴᠡᠯᠡᠬᠦ︾ ᠦᠨᠳᠦᠰᠦᠨ ᠱᠠᠲᠤᠨ ᠤ ᠵᠥᠪᠯᠡᠯᠭᠡᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠫᠢᠩᠵᠤᠸᠠᠩ ᠰᠢ ᠴᠧᠩ ᠵᠡᠭᠡᠯᠢ ᠭᠤᠳᠤᠮᠵᠢ᠂ ᠫᠢᠩ ᠵᠤᠸᠠᠩ ᠴᠧᠩ ᡂᠢ | ᠵᠡᠭᠡᠯᠢ ᠭᠤᠳᠤᠮᠵᠢ᠂ ᠫᠢᠩ ᠵᠤᠸᠠᠩ ᠳ᠋ᠦᠩ ᠴᠧᠩ ᠵᠡᠭᠡᠯᠢ ᠭᠤᠳᠤᠮᠵᠢ᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠵᠢᠴᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠤᠯᠪᠤᠭᠳᠠᠯ ᠪᠦᠬᠦᠢ ᠭᠡᠰᠢᠭᠦᠳ | ᠬᠤᠷᠠᠯ ᠳᠤ ᠣᠷᠣᠯᠴᠠᠵᠠᠢ᠃ | | | | ᠬᠤᠷᠠᠯ ᠠᠴᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠵᠠᠳᠠᠭᠠᠢ ᠤᠳᠠᠰᠤ ᠶᠢ ᠴᠡᠭᠴᠡᠯᠡᠬᠦ | ᠦᠨᠳᠦᠰᠦᠨ ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠲᠠᠨᠢᠯᠴᠠᠭᠤᠯᠪᠠ ︔ ᠬᠤᠷᠠᠯ ᠳᠤ ᠣᠷᠣᠯᠴᠠᠭᠰᠠᠳ | ︽ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠵᠠᠳᠠᠭᠠᠢ ᠤᠳᠠᠰᠤ ᠶᠢ ᠴᠡᠭᠴᠡᠯᠡᠬᠦ︾ ᠵᠥᠪᠯᠡᠬᠦ ᠰᠡᠳᠦᠪ ᠤᠨ | ᠲᠣᠭᠤᠷᠢᠨ ᠳᠤ ᠰᠠᠨᠠᠯ ᠢᠶᠠᠨ ᠰᠣᠯᠢᠯᠴᠠᠨ ᠭᠥᠨᠵᠡᠭᠡᠢ ᠶᠠᠷᠢᠯᠴᠠᠪᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠣᠷᠣᠰᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠡᠢ ᠃ | | | | ᠬᠤᠷᠠᠯ ᠠᠴᠠ ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠠᠵᠢᠯ ᠤᠨ ᠳᠤᠮᠳᠠ ᠪᠠᠨ ᠬᠦᠨᠳᠦ | ᠬᠡᠴᠡᠭᠦᠦ ᠪᠠᠶᠢᠳᠠᠯ ᠢ ᠲᠣᠳᠣᠷᠬᠠᠢ ᠲᠠᠨᠢᠵᠤ ᠂ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ | ᠣᠯᠡᠮ ᠴᠢᠩᠭᠠᠳᠬᠠᠨ᠂ ᠵᠠᠳᠠᠭᠠᠢ ᠤᠳᠠᠰᠤ ᠶᠢ ᠴᠡᠭᠴᠡᠯᠡᠬᠦ ᠵᠢᠷᠤᠮᠵᠢᠯ ᠢ ᠲᠣᠳᠣᠷᠬᠠᠶᠢᠯᠠᠵᠤ ᠂ ᠢᠵᠢ ᠪᠦᠷᠢᠳᠦᠭᠰᠡᠨ | ᠲᠣᠭᠲᠠᠴᠠ ᠶᠢ ᠲᠡᠭᠦᠯᠳᠡᠷᠵᠢᠭᠦᠯᠵᠦ ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠨ᠂ ᠠᠷᠠᠳ ᠤᠨ | ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠡᠷᠬᠢᠯᠡᠬᠦ ᠬᠡᠷᠡᠭᠲᠡᠢ ︔ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠵᠣᠭᠰᠣᠴᠠ ᠪᠠᠨ ᠥᠨᠳᠥᠷᠵᠢᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠨ᠂ | ᠢᠯᠡᠭᠦᠬᠡᠨ ᠬᠤᠪᠢ ᠨᠡᠮᠡᠷᠢ ᠦᠵᠡᠭᠦᠯᠵᠦ ᠂ ︽ ᠭᠡᠰᠢᠭᠦᠳ ᠤᠨ ᠠᠵᠢᠯᠯᠠᠬᠤ ᠲᠠᠰᠤᠭ ︾ ᠤᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠠᠬᠢ ᠦᠢᠯᠡᠳᠦᠯ ᠢ ᠰᠠᠶᠢᠲᠤᠷ ᠪᠠᠳᠠᠷᠠᠭᠤᠯᠤᠨ᠂ ᠥᠷᠭᠡᠨ ᠤᠯᠠᠨ ᠲᠦᠮᠡᠨ ᠳᠤ ᠤᠯᠤᠰ | ᠲᠦᠷᠦ ᠶᠢᠨ ᠵᠥᠪᠯᠡᠯᠭᠡᠨ ᠤ ᠬᠠᠯᠠᠭᠤᠨ ᠳᠤᠯᠠᠭᠠᠨ ᠬᠠᠯᠠᠮᠵᠢᠯᠠᠯ ᠢ ᠮᠡᠳᠡᠷᠡᠭᠦᠯᠬᠦ ᠬᠡᠷᠡᠭᠲᠡᠢ ︔ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠣᠯᠣᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ ᠂ ᠬᠠᠮᠲᠤᠪᠠᠷ ᠴᠢᠷᠮᠠᠶᠢᠵᠤ ᠪᠠᠶᠢᠭᠠᠳ ᠰᠠᠭᠤᠭᠠᠯᠢ | ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠰᠠᠶᠢᠲᠤᠷ ᠪᠦᠲᠦᠭᠡᠨ ᠪᠠᠶᠢᠭᠤᠯᠵᠤ ᠂ ᠰᠠᠶᠢᠲᠤᠷ ᠬᠠᠮᠠᠭᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | |