ᠵᠠᠩ ᡁᠢ ᠸᠧᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠷᠪᠠᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/9
    9 ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠳᠠᠷᠤᠭ᠎ᠠ ᠵᠠᠩ ᡁᠢ ᠸᠧᠢ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠷᠪᠠᠨ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠴᠢᠨ ᠶᠠᠨ ᠳ᠋ᠦᠩ ᠂ ᠵᠧᠦ ᠵᠠᠨ ᠯᠢ ᠂ ᠯᠢᠦ ᠱᠤᠸᠠᠩ ᠂ ᠵᠢᠶᠣᠣ ᠴᠢᠩ ᠳ᠋ᠦᠩ ᠂ ᠯᠢ ᠽᠥᠩ ᠮᠧᠩ᠂ ᠶᠢᠨ ᠮᠢᠩ ᠂ ᠫᠧᠩ ᠰᠢᠶᠣᠣ ᠵᠢᠤᠸᠠᠨ ᠂ ᠶᠢᠨ ᠲᠧᠩ ᠵᠢᠶᠣᠣ ᠬᠤᠷᠠᠯ ᠳᠤ ᠣᠷᠣᠯᠴᠠᠪᠠ ᠃ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤ ᠵᠡᠭᠡᠯᠢ  ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
1_副本.jpg
       ᠬᠤᠷᠠᠯ ᠠᠴᠠ ︽ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︵ ᠶᠠᠷᠢᠯᠴᠠᠬᠤ ᠨᠣᠣᠷᠠᠭ ︶ ︾  ᠶᠢ ᠰᠣᠨᠣᠰᠴᠤ ᠬᠢᠨᠠᠨ ᠵᠥᠪᠯᠡᠪᠡ ︔ ᠶᠤᠸᠠᠨ ᠪᠦᠦ ᠱᠠᠨ ᠲᠣᠭᠤᠷᠢᠭ ᠤᠨ ᠳᠠᠮᠵᠢᠭᠤᠯᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠦᠰᠦᠯ᠂ ᠶᠤᠸᠠᠨ ᠪᠦᠦ ᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠦᠷᠲᠡᠭᠡ ᠪᠠᠶᠢᠭᠤᠯᠬᠤ ᠲᠤᠬᠠᠢ ᠬᠠᠮᠢᠶ᠎ᠠ ᠪᠦᠬᠦᠢ ᠪᠠᠶᠢᠳᠠᠯ ᠢ ᠰᠣᠨᠣᠰᠪᠠ ᠃
2_副本.jpg
       ᠬᠤᠷᠠᠯ ᠠᠴᠠ ᠂ ︽ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︵ ᠶᠠᠷᠢᠯᠴᠠᠬᠤ ᠨᠣᠣᠷᠠᠭ ︶ ︾ ᠪᠣᠯ ᠮᠠᠨ ᠤ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠵᠢᠯᠯᠠᠭᠠᠨ ᠤ ᠵᠦᠭᠯᠡᠭᠦᠷ ᠮᠥᠨ᠂ ᠪᠥᠬᠦ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠮᠥᠨ᠂ ᠮᠥᠨ ᠴᠦ ᠡᠮᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠬᠥᠲᠥᠯᠪᠦᠷᠢ ᠪᠠᠶᠢᠵᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠥᠨᠳᠥᠷᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ ᠪᠠᠨ ᠲᠡᠭᠦᠯᠳᠡᠷᠵᠢᠭᠦᠯᠦᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠲᠣᠳᠤᠷᠬᠠᠶᠢᠯᠠᠵᠤ᠂ ᠤᠬᠠᠭᠤᠯᠤᠨ ᠵᠢᠯᠤᠭᠤᠳᠬᠤ ᠪᠠᠨ ᠴᠢᠩᠭᠠᠳᠬᠠᠨ᠂ ᠨᠢᠭᠡᠳᠦᠯᠲᠡᠢ ᠲᠥᠯᠥᠪᠵᠢᠭᠦᠯᠦᠨ ᠨᠠᠶᠢᠳᠠᠪᠥᠷᠢᠵᠢᠭᠤᠯᠵᠤ᠂ ᠡᠯ᠎ᠡ ᠴᠢᠭᠯᠡᠯ ᠳᠡᠭᠡᠷ᠎ᠡ ᠲᠤᠵᠢ ᠲᠤᠭᠤᠰᠢᠯᠠᠭᠳᠠᠭᠰᠠᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠵᠢᠯᠴᠠᠨ ᠵᠠᠰᠠᠬᠤ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ ᠂ ︽ ᠲᠥᠯᠦᠪᠵᠢᠭᠦᠯᠭᠡ ︾ ᠶᠢᠨ ᠡᠷᠲᠡᠬᠡᠨ ᠪᠦᠭᠡᠳ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
3_副本.jpg
       ᠬᠤᠷᠠᠯ ᠠᠴᠠ ᠂ ᠳᠠᠮᠵᠢᠭᠤᠯᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠦᠰᠦᠯ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠲᠠᠢ ᠬᠤᠯᠪᠣᠭᠳᠠᠵᠤ ᠂ ᠪᠦᠬᠦ  ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ  ᠲᠠᠢ ᠬᠤᠯᠪᠤᠭᠳᠠᠭᠰᠠᠨ ᠠᠷᠠᠳ ᠤᠯᠠᠨ ᠤ ᠲᠤᠯᠭᠠᠮ ᠬᠦᠰᠡᠵᠦ ᠪᠠᠶᠢᠭ᠎ᠠ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡᠨ ᠤ ᠬᠤᠭᠤᠴᠠᠭ᠎ᠠ ᠶᠢ ᠠᠳᠬᠤᠵᠤ ᠂ ᠬᠠᠷᠢᠯᠴᠠᠨ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠥᠷᠢᠯᠳᠥᠭᠦᠯᠥᠨ᠂ ᠣᠳᠣᠬᠢ ᠪᠠᠶᠢᠳᠠᠯ ᠂ ᠥᠪᠡᠷ ᠤᠨ ᠦᠷᠳᠡᠭ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠨᠠᠷᠢᠨ ᠵᠦᠢᠯᠡᠰ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠳᠠᠮᠵᠢᠭᠤᠯᠬᠤ ᠬᠤᠭᠤᠯᠠᠢ ᠲᠣᠣᠷ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢ ᠡᠷᠲᠡ ᠡᠬᠢᠯᠡᠭᠦᠯᠬᠦ ᠂ ᠡᠷᠲᠡ ᠪᠦᠲᠦᠭᠡᠨ ᠪᠠᠶᠢᠭᠤᠯᠬᠤ ᠂ ᠡᠷᠲᠡ ᠠᠰᠢᠭᠯᠠᠯᠲᠠ ᠳᠤ ᠣᠷᠤᠬᠤ ᠶᠢ ᠠᠬᠢᠭᠤᠯᠤᠨ᠂ ᠠᠷᠠᠳ ᠤᠯᠠᠨ ᠤ  ᠬᠥᠷᠲᠡᠮᠵᠢᠲᠦ ᠲᠥᠷᠥᠭᠳᠡᠯ ᠂ ᠵᠣᠯ ᠵᠢᠷᠭᠠᠯᠲᠤ ᠰᠡᠳᠬᠢᠯᠭᠡ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠵᠠᠮ ᠬᠠᠷᠢᠯᠴᠠᠭᠠᠨ ᠤ ᠠᠭᠤᠯᠵᠠᠷ ᠪᠣᠯ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ ᠡᠮᠦᠨ᠎ᠡ ᠹᠷᠣᠨᠲ ᠮᠥᠨ᠂ ᠪᠠᠰᠠ ᠴᠤ ᠫᠢᠩᠵᠤᠸᠠᠩ ᠤᠨ ᠬᠤᠲᠠ ᠶᠢᠨ ᠲᠣᠭᠤᠷᠢᠭ ᠲᠤ ᠣᠷᠣᠬᠤ ᠴᠢᠬᠤᠯᠠ  ᠡᠭᠦᠳᠡ ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠥᠷᠲᠡᠭᠡ ᠪᠠᠶᠢᠭᠤᠯᠬᠤ ᠨᠢ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ᠂ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠳᠤ ᠦᠢᠯᠡᠴᠢᠯᠡᠭᠡ ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠴᠠᠭᠠᠯᠲᠠ ᠶᠢᠨ ᠥᠷᠲᠡᠭᠡ ᠶᠢ ᠪᠠᠶᠢᠭᠤᠯᠬᠤ ᠬᠠᠮᠢᠶ᠎ᠠ ᠪᠦᠬᠦᠢ ᠠᠵᠢᠯ ᠢ ᠨᠢᠭᠲᠠ ᠬᠠᠮᠵᠢᠯᠴᠠᠨ ᠰᠠᠶᠢᠲᠤᠷ ᠬᠢᠵᠦ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠂ ᠨᠠᠩ ᠪᠣᠳᠠᠲᠠᠢ ᠠᠵᠢᠯ ᠤᠨ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠤᠰᠤᠳ ᠠᠮᠤᠷ ᠲᠦᠪᠰᠢᠨ ᠤ ᠪᠠᠶᠢᠴᠠᠭᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠮ ᠤᠨ ᠬᠠᠪᠴᠢᠯ ᠢ ᠦᠷᠭᠦᠯᠵᠢᠯᠡᠨ ᠰᠠᠶᠢᠲᠤᠷ ᠠᠳᠬᠤᠨ ᠬᠠᠮᠢᠶᠠᠷᠴᠤ᠂ ᠪᠦᠬᠦ ᠬᠦᠴᠥᠨ ᠢᠶᠠᠷ ᠢᠶᠠᠨ ᠠᠵᠢᠯ ᠤᠨ ᠬᠠᠷᠢᠭᠤᠴᠠᠯᠭ᠎ᠠ ᠪᠠᠨ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠵᠠᠢ᠃ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1