︽ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠶᠡᠭᠡ ᠬᠡᠪᠴᠢᠶ᠎ᠡ ᠪᠠᠷ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/1/20
ᠶᠤᠸᠠᠨ ᠪᠤᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ                 ᠶᠤᠸᠠᠨ ᠪᠣᠥ ᠱᠠᠨ ᠵᠠᠰᠠᠭ ᠠᠯᠪᠠᠨ ᠲᠠᠷᠬᠠᠭᠠᠭᠰᠠᠨ ﹇2023﹈ 1 ᠨᠣᠮᠧᠷᠲᠤ ︽ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠶᠡᠭᠡ ᠬᠡᠪᠴᠢᠶ᠎ᠡ ᠪᠠᠷ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠵᠥᠪᠯᠡᠯ ᠠᠯᠪᠠᠨ ᠭᠡᠷ ᠤᠨ ᠲᠣᠪᠴᠢᠶ᠎ᠠ ᠳᠤ᠄    ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃ ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶᠡᠨ ᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ     1ᠶᠡᠷᠦᠩᠬᠡᠢ ᠳᠦᠷᠢᠮ    11 ᠨᠠᠶᠢᠷᠠᠭᠤᠯᠤᠨ ᠵᠣᠬᠢᠶᠠᠬᠤ ᠵᠣᠷᠢᠯᠭ᠎ᠠ    ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ ᠰᠢᠨᠵᠢᠯᠡᠬᠦ ᠤᠬᠠᠭᠠᠨᠴᠢ ᠂ ᠪᠦᠲᠦᠮᠵᠢᠲᠡᠶ ᠂ ᠲᠦᠷᠭᠡᠨ ᠰᠢᠢᠳᠪᠦᠷᠢᠯᠡᠵᠦ ᠂ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ ᠂ ᠤᠯᠤᠰ ᠣᠷᠣᠨ ᠤ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ ᠃    12 ᠨᠠᠶᠢᠷᠠᠭᠤᠯᠤᠨ ᠵᠣᠬᠢᠶᠠᠬᠤ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾  ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠤ ᠬᠠᠤᠯᠢ ︾ ᠂ ︽ᠴᠠᠬᠢᠯᠭᠠᠨ ᠲᠣᠣᠷ ᠤᠨ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 115 ᠳ᠋ᠤᠭᠠᠷ ᠵᠠᠷᠯᠢᠭ︶᠂ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 493 ᠳ᠋ᠤᠭᠠᠷ ᠲᠣᠭᠠᠲᠤ︶᠂ ︽ ᠴᠠᠬᠢᠯᠭᠠᠨ ᠬᠦᠴᠦᠨ ᠤ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 599 ᠳ᠋ᠦᠭᠡᠷ ᠲᠣᠭᠠᠲᠤ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠦᠴᠦᠨ ᠢ ᠬᠠᠩᠭᠠᠬᠤ ᠪᠠ ᠬᠡᠷᠡᠭᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 666 ᠳ᠋ᠤᠭᠠᠷ ᠲᠣᠭᠠᠲᠤ︶᠂ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 708 ᠳ᠋ᠤᠭᠠᠷ ᠲᠣᠭᠠᠲᠤ︶᠂ ︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︵ᠲᠥᠷᠥ ᠠᠯᠪᠠᠨ ᠲᠠᠷᠬᠠᠭᠠᠭᠰᠠᠨ 〔2005〕 11 ᠳ᠋ᠦᠭᠡᠷ ᠲᠣᠭᠠᠲᠤ︶᠂ ︽ᠤᠯᠤᠰ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠲᠥᠷᠥ ᠠᠯᠪᠠᠨ ᠵᠠᠬᠢᠳᠠᠯ ﹇2015﹈ 134 ᠳ᠋ᠦᠭᠡᠷ ᠲᠣᠭᠠᠲᠤ︶᠂ ︽ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2 ᠳ᠋ᠤᠭᠠᠷ ᠲᠣᠭᠠᠲᠤ︶᠂ ︽ᠥᠷᠭᠡᠨ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠭᠦᠸᠧ ᠨᠧᠩ ᠶᠡᠷᠦᠩᠬᠡᠢ ᠠᠮᠤᠷ ᠲᠦᠪᠰᠢᠨ ﹇2016﹈ 490 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 113 ᠳ᠋ᠤᠭᠠᠷ ᠲᠣᠭᠠᠲᠤ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠷᠭᠡᠨ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2020 ᠣᠨ ᠤ ᠬᠡᠪᠯᠡᠯ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ    13 ᠬᠡᠷᠡᠭᠯᠡᠬᠦ ᠬᠡᠪᠴᠢᠶ᠎ᠡ    ᠲᠤᠰ ᠪᠡᠯᠡᠳᠬᠡᠯ ᠲᠥᠰᠥᠯ ᠢ ᠶᠤᠸᠠᠨ ᠪᠦᠦ ᠱᠠᠨ ᠲᠤᠭᠤᠷᠢᠭ ᠳᠤ ᠭᠠᠷᠤᠭᠰᠠᠨ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠪᠠ ᠰᠢᠢᠳᠪᠦᠷᠢᠯᠡᠬᠦ ᠠᠵᠢᠯ ᠳᠤ ᠬᠡᠷᠡᠭᠯᠡᠨ᠎ᠡ ᠃    ᠲᠤᠰ ᠪᠡᠯᠡᠳᠬᠡᠯ ᠲᠥᠰᠥᠯ ᠎ ᠳᠤ ᠬᠡᠯᠡᠵᠦ ᠪᠠᠶᠢᠭ᠎ᠠ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠭᠡᠳᠡᠭ ᠨᠢ ᠪᠠᠶᠢᠭᠠᠯᠢ ᠶᠢᠨ ᠭᠠᠮᠰᠢᠭ ᠂ ᠴᠠᠬᠢᠯᠭᠠᠨ ᠬᠦᠴᠦᠨ ᠠᠶᠤᠯ ᠦᠭᠡᠢ ᠶᠢᠨ ᠡ᠊ᠨᠳᠡᠯ ᠪᠣᠯᠣᠨ ᠭᠠᠳᠠᠭᠠᠳᠤ ᠬᠦᠴᠦᠨ ᠤ ᠡᠪᠳᠡᠯᠡᠭᠡ ᠵᠡᠷᠭᠡ ᠰᠢᠯᠲᠠᠭᠠᠨ ᠠᠴᠠ ᠪᠣᠯᠣᠭᠠᠳ ᠣᠷᠣᠨ ᠪᠦᠰᠡ ᠶᠢᠨ ᠴᠢᠨᠠᠷᠲᠠᠢ ᠴᠠᠬᠢᠯᠭᠠᠨ ᠲᠣᠣᠷ᠂ ᠬᠤᠰᠢᠭᠤ ᠰᠢᠶᠠᠨ ᠲᠣᠭᠤᠷᠢᠭ ᠤᠨ ᠳᠡᠰ ᠎ ᠶᠢᠨ ᠴᠠᠬᠢᠯᠭᠠᠨ ᠲᠣᠣᠷ ᠪᠤᠶᠤ ᠬᠤᠲᠠ ᠪᠠᠯᠭᠠᠰᠤ ᠶᠢᠨ ᠴᠠᠬᠢᠯᠭᠠᠨ ᠲᠣᠣᠷ ᠎ ᠤᠨ ᠬᠠᠩᠭᠠᠯᠭ᠎ᠠ ᠶᠢᠨ ᠳᠠᠭᠠᠭᠠᠴᠠ ᠶᠢ ᠶᠡᠭᠡ ᠬᠡᠮᠵᠢᠶ᠎ᠡ ᠪᠠᠷ ᠪᠠᠭᠠᠰᠬᠠᠵᠤ ᠂ ᠤᠯᠠᠨ ᠨᠡᠶᠢᠲᠡ ᠶᠢᠨ ᠠᠮᠤᠷ ᠲᠦᠪᠰᠢᠨ ᠂ ᠨᠡᠶᠢᠭᠡᠮ ᠤᠨ ᠲᠣᠭᠲᠠᠭᠤᠨ ᠵᠢᠴᠢ ᠠᠷᠠᠳ ᠤᠯᠠᠨ ᠦᠢᠯᠡᠳᠪᠦᠷᠢᠯᠡᠯ ᠠᠮᠢᠳᠤᠷᠠᠯ ᠎ ᠳᠤ ᠨᠥᠯᠥᠭᠡ ᠪᠠ ᠰᠦᠷᠳᠡᠭᠦᠯᠦᠯ ᠤᠴᠠᠷᠠᠭᠤᠯᠤᠭᠰᠠᠨ ᠴᠠᠬᠢᠯᠭᠠᠨ ᠵᠣᠭᠰᠣᠭᠰᠠᠨ ᠬᠡᠷᠡᠭ ᠢ ᠵᠢᠭᠠᠵᠤ ᠪᠤᠢ ᠃    14 ᠠᠵᠢᠯ ᠤᠨ ᠵᠠᠷᠴᠢᠮ    ᠨᠢᠭᠡᠳᠦᠯᠲᠡᠢ ᠤᠳᠤᠷᠢᠳᠬᠤ ᠂ ᠶᠡᠷᠦᠩᠬᠡᠶᠢᠯᠡᠨ ᠵᠣᠬᠢᠴᠠᠭᠤᠯᠬᠤ ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠂ ᠠᠵᠢᠯ ᠬᠤᠪᠢᠶᠠᠷᠢᠯᠠᠨ ᠬᠠᠷᠢᠭᠤᠴᠠᠬᠤ ᠂ ᠠᠷᠠᠳ ᠤᠨ ᠠᠮᠢᠳᠤᠷᠠᠯ ᠢ ᠪᠠᠲᠤᠯᠠᠬᠤ ᠂ ᠠᠮᠤᠷ ᠲᠦᠪᠰᠢᠨ ᠢ ᠬᠠᠮᠠᠭᠠᠯᠠᠬᠤ ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠵᠠᠷᠴᠢᠮ ᠢ ᠪᠠᠷᠢᠮᠲᠠᠯᠠᠨ᠎ᠠ ᠃ ᠥᠷᠭᠡᠨ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠠᠬᠢᠯᠭᠠᠨ ᠬᠦᠴᠦᠨ ᠤ ᠠᠵᠤ ᠠᠬᠤᠶᠢᠯᠠᠯ᠂ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠳᠠᠷᠤᠶᠢᠬᠠᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠮᠢᠶ᠎ᠠ ᠪᠦᠬᠦᠢ ᠪᠡᠯᠡᠳᠬᠡᠯ ᠲᠥᠰᠥᠯ ᠶᠣᠰᠣᠭᠠᠷ ᠰᠢᠢᠳᠪᠦᠷᠢᠯᠡᠬᠦ ᠠᠵᠢᠯ ᠢᠶᠠᠨ ᠥᠷᠨᠢᠭᠦᠯᠬᠦ ᠬᠡᠷᠡᠭᠲᠡᠢ᠃    15 ᠬᠡᠷᠡᠭ ᠶᠠᠪᠤᠳᠠᠯ ᠤᠨ ᠳᠡᠰ ᠬᠤᠪᠢᠶᠠᠬᠤᠬᠡᠷᠡᠭ ᠶᠠᠪᠤᠳᠠᠯ ᠤᠨ ᠬᠦᠨᠳᠦ ᠨᠣᠴᠢᠲᠠᠢ ᠴᠢᠨᠠᠷ ᠪᠠ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾᠎ ᠤᠨ ᠲᠠᠰ ᠬᠤᠪᠢᠶᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠴᠢᠬᠤᠯᠠ ᠶᠡᠭᠡ᠂ ᠨᠡᠯᠢᠶᠡᠳ ᠶᠡᠭᠡ᠂ ᠡᠩ ᠤᠨ ᠭᠤᠷᠪᠠᠨ ᠳᠡᠰ ︵ᠲᠠᠰ ᠬᠤᠪᠢᠶᠠᠬᠤ ᠪᠠᠷᠢᠮᠵᠢᠶ᠎ᠠ ᠶᠢ ᠳᠠᠭᠠᠯᠳᠤᠭᠤᠯᠤᠯ 1᠎ ᠳᠤ ᠦᠵᠡ︶ ᠬᠤᠪᠢᠶᠠᠨ᠎ᠠ᠃    2 ᠵᠣᠬᠢᠶᠠᠨ ᠪᠠᠶᠢᠭᠤᠯᠤᠯᠲᠠ ᠶᠢᠨ ᠰᠢᠰᠲ᠋ᠧᠮ    21ᠲᠣᠭᠤᠷᠢᠭ ᠤᠨ ᠵᠠᠰᠠᠭ ᠤᠨ ᠣᠷᠳᠣᠨ ᠤ ᠵᠢᠯᠤᠭᠤᠳᠬᠤ ᠪᠠᠶᠢᠭᠤᠯᠤᠮᠵᠢᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠶᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠴᠢᠬᠤᠯᠠ ᠶᠡᠭᠡ ᠬᠡᠷᠡᠭ ᠭᠠᠷᠤᠭᠰᠠᠨ ᠦᠶ᠎ᠡ ᠳᠤ ᠂ ᠲᠤᠭᠤᠷᠢᠭ ᠤᠨ ᠵᠠᠰᠠᠭ ᠤᠨ ᠣᠷᠳᠣᠨ ᠠᠴᠠ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠪᠠᠶᠢᠭᠤᠯᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠴᠠᠬᠢᠯᠭᠠᠨ ᠬᠦᠴᠦᠨ ᠤ ᠠᠵᠤ ᠠᠬᠤᠶᠢᠯᠠᠯ ᠂ ᠴᠠᠬᠢᠯᠭᠠᠨ ᠬᠦᠴᠦᠨ ᠤ ᠬᠡᠷᠡᠭᠯᠡᠭᠴᠢ ᠶᠢᠨ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠠᠵᠢᠯ ᠥᠷᠨᠢᠭᠦᠯᠬᠦ ᠢ ᠵᠢᠯᠤᠭᠤᠳᠬᠤ  ᠪᠠ ᠵᠣᠬᠢᠴᠠᠭᠤᠯᠬᠤ ᠂ ᠳᠡᠮᠵᠢᠬᠦ ᠶᠢ ᠬᠠᠷᠢᠭᠤᠴᠠᠭᠤᠯᠤᠨ᠎ᠠ ᠃    22 ᠲᠤᠬᠠᠢ ᠶᠢᠨ ᠭᠠᠵᠠᠷ ᠤᠨ ᠵᠢᠯᠤᠭᠤᠳᠬᠤ ᠪᠠᠶᠢᠭᠤᠯᠤᠮᠵᠢ    ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠦᠶ᠎ᠡ ᠳᠤ ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠲᠤᠬᠠᠢ ᠶᠢᠨ ᠭᠠᠵᠠᠷ ᠤᠨ ᠵᠢᠯᠤᠭᠤᠳᠬᠤ ᠭᠠᠵᠠᠷ ᠪᠠᠶᠢᠭᠤᠯᠵᠤ ᠂ ᠲᠤᠬᠠᠢ ᠶᠢᠨ ᠭᠠᠵᠠᠷ ᠤᠨ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ ᠵᠢᠯᠤᠭᠤᠳᠬᠤ ᠠᠵᠢᠯ ᠢ ᠬᠠᠷᠢᠭᠤᠴᠠᠭᠤᠯᠤᠨ᠎ᠠ ᠃ ᠲᠤᠬᠠᠢ ᠶᠢᠨ ᠲᠠᠯᠠᠪᠤᠷ ᠤᠨ ᠰᠢᠢᠳᠪᠦᠷᠢᠯᠡᠯᠲᠡ ᠳᠤ ᠣᠷᠣᠯᠴᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠪᠠ ᠠᠵᠢᠯᠲᠠᠨ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠤᠨ ᠨᠢᠭᠡᠳᠦᠯᠲᠡᠢ ᠵᠢᠯᠣᠭᠤᠳᠤᠯᠭ᠎ᠠ ᠶᠢ ᠳᠠᠭᠠᠬᠤ ᠬᠡᠷᠡᠭᠲᠡᠢ᠃    23 ᠴᠠᠬᠢᠯᠭᠠᠨ ᠬᠦᠴᠦᠨ ᠤ ᠠᠵᠤ ᠠᠬᠤᠶᠢᠯᠠᠯ    ᠴᠠᠬᠢᠯᠭᠠᠨ ᠬᠦᠴᠦᠨ ᠤ ᠠᠵᠤ ᠠᠬᠤᠶᠢᠯᠠᠯ ︵ ᠴᠠᠬᠢᠯᠭᠠᠨ ᠬᠠᠩᠭᠠᠬᠤ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠵᠡᠷᠭᠡ ᠪᠠᠭᠲᠠᠨ᠎ᠠ ᠂ ᠳᠣᠷᠣᠭᠰᠢ ᠠᠳᠠᠯᠢ ︶ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠨ ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ ᠂ ᠴᠠᠬᠢᠯᠭᠠᠨ ᠵᠣᠭᠰᠤᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ ᠂ ᠲᠤᠭᠤᠷᠢᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠨ ᠵᠢᠯᠤᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠳᠣᠣᠷ᠎ᠠ ᠲᠤᠰ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠭᠡᠨᠡᠳᠲᠡ ᠶᠢᠨ ᠬᠡᠷᠡᠭ ᠢ ᠮᠡᠳᠡᠭᠦᠯᠬᠦ  ᠂ ᠠᠶᠤᠯ ᠠᠴᠠ ᠠᠪᠤᠷᠠᠬᠤ ᠠᠵᠢᠯ ᠢ ᠬᠠᠷᠢᠭᠤᠴᠠᠬᠤ ᠬᠡᠷᠡᠭᠲᠡᠢ ᠃ ᠴᠠᠬᠢᠯᠭᠠᠨ ᠤ ᠲᠣᠣᠷ ᠎ ᠤᠨ ᠲᠣᠬᠢᠷᠠᠭᠤᠯᠤᠯᠲᠠ ᠶᠢᠨ ᠠᠵᠢᠯ ᠢ ︽ ᠴᠠᠬᠢᠯᠭᠠᠨ ᠤ ᠲᠣᠣᠷ ᠤᠨ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ︾ ᠬᠢᠭᠡᠳ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃    24 ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢ    ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢᠳ ᠲᠤᠰ ᠨᠢᠭᠡᠴᠢ ᠶᠢᠨ ᠢᠶᠠᠨ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠲᠣᠬᠢᠷᠠᠭᠤᠯᠤᠨ ᠂ ᠴᠠᠬᠢᠯᠭᠠᠨ ᠵᠣᠭᠰᠣᠭᠰᠠᠨ ᠡ᠊ᠨᠳᠡᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠶᠢᠭᠤᠯᠤᠨ ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠴᠠᠬᠢᠯᠭᠠᠨ ᠬᠦᠴᠦᠨ ᠤ ᠠᠶᠤᠯ ᠦᠭᠡᠢ ᠶᠢ ᠪᠠᠲᠤᠯᠠᠬᠤ ᠪᠠ ᠰᠡᠷᠭᠡᠶᠢᠯᠡᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠴᠠᠬᠢᠯᠭᠠᠨ ᠵᠣᠭᠰᠣᠭᠰᠠᠨ ᠠᠴᠠ ᠪᠣᠯᠤᠭᠰᠠᠨ ᠡᠭᠦᠰᠦᠮᠡᠯ ᠭᠠᠮᠰᠢᠭ ᠢ ᠰᠡᠷᠭᠡᠶᠢᠯᠡᠬᠦ ᠬᠡᠷᠡᠭᠲᠡᠢ ᠃    25  ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯᠲᠡᠨ ᠎ ᠤ ᠲᠤᠭᠤᠶᠢᠯᠠᠩ    ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠬᠡᠷᠡᠭᠴᠡᠭᠡ ᠪᠠᠨ ᠦᠨᠳᠦᠰᠦᠯᠡᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠪᠦᠷᠢᠯᠳᠦᠭᠦᠨ ᠨᠢ ᠴᠠᠬᠢᠯᠭᠠᠨ ᠬᠦᠴᠦᠨ᠂ ᠭᠠᠯ ᠤᠨᠲᠠᠷᠠᠭᠠᠬᠤ᠂ ᠴᠠᠭ ᠠᠭᠤᠷ᠂ ᠭᠠᠵᠠᠷ ᠰᠢᠨᠵᠢᠯᠡᠭᠡ᠂ ᠤᠰᠤᠨ ᠵᠦᠢ ᠵᠡᠷᠭᠡ ᠬᠦᠷᠢᠶ᠎ᠡ  ᠬᠡᠪᠴᠢᠶ᠎ᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠨ ᠰᠢᠢᠳᠪᠦᠷᠢᠯᠡᠬᠦ ᠠᠵᠢᠯ ᠳᠤ ᠮᠡᠷᠭᠡᠵᠢᠯ ᠤᠨ ᠳᠡᠮᠵᠢᠯᠭᠡ ᠬᠠᠩᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢᠴᠢ ᠬᠡᠷᠡᠭ ᠤᠨ ᠪᠠᠶᠢᠳᠠᠯ ᠪᠠ ᠰᠢᠢᠳᠪᠦᠷᠢᠯᠡᠯᠲᠡ ᠶᠢ ᠦᠨᠡᠯᠡᠨ ᠵᠢᠱᠢᠬᠦ ᠳᠤ ᠣᠷᠣᠯᠴᠠᠨ᠎ᠠ᠃    3 ᠠᠶᠤᠯ ᠲᠦᠭᠰᠢᠭᠦᠷᠢ ᠪᠠ ᠬᠤᠣᠷ ᠬᠥᠨᠥᠭᠡᠯ ᠤᠨ ᠬᠡᠮᠵᠢᠶᠡᠨ ᠤ ᠵᠠᠳᠠᠯᠤᠯᠲᠠ    3.1ᠲᠦᠭᠰᠢᠭᠦᠷᠢ ᠶᠢᠨ ᠵᠠᠳᠠᠯᠤᠯᠲᠠ    ᠶᠤᠸᠠᠨ ᠪᠦᠦ ᠱᠠᠨ ᠲᠣᠭᠤᠷᠢᠭ ᠲᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠬᠤ ᠶᠢᠨ ᠲᠦᠭᠰᠢᠭᠦᠷᠢ ᠳᠤ ᠭᠤᠣᠯᠳᠠᠭᠤ ᠳᠣᠣᠷᠠᠬᠢ ᠬᠡᠳᠦᠨ ᠵᠦᠢᠯ ᠪᠠᠭᠲᠠᠨ᠎ᠠ᠄    ︵ 1 ︶ ᠶᠤᠸᠠᠨ ᠪᠦᠦ ᠱᠠᠨ ᠤ ᠴᠠᠬᠢᠯᠭᠠᠨ ᠲᠣᠣᠷ ᠤᠨ ᠲᠣᠣᠷ ᠤᠨ ᠵᠢᠶᠠᠰᠠ ᠨᠢ ᠪᠠᠭᠤᠷᠠᠢ ᠂ ᠬᠠᠷᠢᠯᠴᠠᠨ ᠳᠠᠶᠢᠴᠢᠯᠠᠬᠤ ᠴᠢᠳᠠᠪᠤᠷᠢ ᠨᠢ ᠥᠨᠳᠥᠷ ᠪᠢᠰᠢ᠂ ᠬᠦᠴᠦᠳᠡᠯ ᠥᠭᠡᠷᠡᠴᠢᠯᠡᠬᠦ ᠥᠷᠲᠡᠭᠡᠨ ᠤ ᠭᠠᠳᠠᠭᠠᠳᠤ ᠳᠤ ᠭᠠᠷᠭᠠᠬᠤ ᠱᠤᠭᠤᠮ ᠤᠨ ᠬᠠᠭᠠᠯᠲᠠ ᠦᠰᠦᠷᠦᠭᠰᠡᠨ ᠤ ᠲᠠᠷᠠᠭ᠎ᠠ᠂ ᠬᠠᠷᠢᠶ᠎ᠠ ᠣᠷᠣᠨ ᠤ ᠳᠣᠲᠣᠷᠠᠬᠢ ᠬᠡᠰᠡᠭ ᠭᠠᠵᠠᠷ ᠤᠨ ᠴᠠᠬᠢᠯᠭᠠᠨ ᠠᠮᠠᠷᠬᠠᠨ ᠵᠣᠭᠰᠣᠬᠤ ᠳᠤ ᠬᠦᠷᠦᠭᠦᠯᠦᠨ᠎ᠡ ;    ︵2︶ ᠶᠤᠸᠠᠨ ᠪᠦᠦ ᠱᠠᠨ  ᠲᠤᠭᠤᠷᠢᠭ ᠳᠤ ᠴᠠᠬᠢᠯᠭᠠᠨ ᠲᠣᠣᠷ ᠤᠨ ᠲᠠᠩ ᠱᠤᠭᠤᠮ ︵ᠮᠧᠶ  ᠯᠢ ᠭᠤᠣᠯ ᠤᠨ 66kV ᠬᠦᠴᠦᠳᠡᠯ ᠥᠭᠡᠷᠡᠴᠢᠯᠡᠬᠦ ᠥᠷᠲᠡᠭᠡ ᠪᠠ ᠳ᠋ᠠ ᠪᠧᠢ ᠬᠠᠢ ᠶᠢᠨ 66kV ᠬᠦᠴᠦᠳᠡᠯ ᠥᠭᠡᠷᠡᠴᠢᠯᠡᠬᠦ ᠥᠷᠲᠡᠭᠡ︶᠎ ᠤᠨ ᠠᠵᠢᠯᠯᠠᠭᠠᠨ ᠤ ᠪᠠᠶᠢᠳᠠᠯ ᠣᠷᠣᠰᠢᠵᠤ᠂ ᠴᠠᠬᠢᠯᠭᠠᠨ ᠲᠣᠣᠷ ᠤᠨ N-1᠎ ᠶᠢᠨ ᠱᠠᠭᠠᠷᠳᠠᠯᠭ᠎ᠠ ᠶᠢ ᠬᠠᠩᠭᠠᠭᠰᠠᠨ ᠦᠭᠡᠢ ᠠᠴᠠ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠴᠢᠨᠠᠷ ᠢ ᠨᠥᠯᠥᠭᠡᠯᠡᠭᠰᠡᠨ ᠪᠠᠶᠢᠨ᠎ᠠ ︔    ︵ 3 ︶ ᠭᠠᠵᠠᠷ ᠤᠨ ᠪᠠᠶᠢᠴᠠ ᠭᠠᠵᠠᠷ ᠤᠨ ᠪᠦᠲᠦᠴᠡ ᠪᠤᠳᠤᠯᠢᠶᠠᠨᠲᠠᠢ ᠪᠠᠶᠢᠬᠤ ᠪᠠ ᠪᠦᠬᠦ ᠪᠥᠮᠪᠥᠷᠴᠡᠭ ᠤᠨ ᠠᠭᠤᠷ ᠠᠮᠢᠰᠬᠤᠯ ᠳᠤᠯᠠᠭᠠᠷᠠᠬᠤ ᠶᠢᠨ ᠨᠥᠯᠥᠭᠡ ᠠᠴᠠ ᠪᠣᠯᠵᠤ ᠂ ᠡᠵᠡᠩᠨᠡᠯᠲᠡ ᠶᠢᠨ ᠣᠷᠣᠨ ᠪᠦᠰᠡ ᠶᠢᠨ ᠳᠣᠲᠣᠷᠠᠬᠢ ᠭᠠᠵᠠᠷ ᠬᠥᠳᠡᠯᠦᠯᠲᠡ ᠂ ᠪᠣᠷᠣᠭᠠᠨ ᠴᠠᠰᠤ ᠮᠥᠰᠥᠲᠦᠯ ᠂ ᠦᠶᠡᠷ ᠤᠰᠤᠲᠤᠯ ᠵᠡᠷᠭᠡ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ ᠡᠭᠦᠰᠦᠭᠰᠡᠨ ᠠᠴᠠ ᠪᠣᠯᠵᠤ ᠴᠠᠬᠢᠯᠭᠠᠨ ᠤ ᠲᠣᠣᠷ ᠤᠨ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠡᠪᠳᠡᠨ ᠰᠦᠢᠳᠬᠡᠵᠦ ᠂ ᠡᠭᠦᠨ ᠤ ᠤᠯᠠᠮ ᠠᠴᠠ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃    ︵ 4 ︶ ᠵᠡᠷᠯᠢᠭ ᠪᠠᠯᠠᠮᠠᠳ ᠢᠶᠠᠷ ᠪᠠᠷᠢᠯᠭ᠎ᠠ ᠪᠠᠷᠢᠬᠤ ᠂ ᠬᠠᠤᠯᠢ ᠪᠤᠰᠤ ᠪᠠᠷ ᠬᠠᠯᠳᠠᠨ ᠣᠷᠣᠬᠤ ᠂ ᠭᠠᠯ ᠤᠨ ᠠᠶᠤᠯ ᠳᠡᠯᠪᠡᠷᠡᠬᠦ ᠂ ᠰᠦᠷᠳᠡᠭᠦᠯᠦᠯ ᠤᠨ ᠳᠠᠭᠠᠷᠢᠯᠲᠠ ᠬᠢᠬᠦ ᠵᠡᠷᠭᠡ ᠭᠠᠳᠠᠭᠠᠳᠤ ᠶᠢᠨ ᠬᠦᠴᠦᠨ ᠤ ᠡᠪᠳᠡᠯᠡᠭᠡ ᠪᠤᠶᠤ ᠨᠡᠶᠢᠭᠡᠮ ᠤᠨ ᠠᠮᠤᠷ ᠲᠦᠪᠰᠢᠨ ᠤ ᠬᠦᠨᠳᠦ ᠶᠡᠭᠡ ᠬᠡᠷᠡᠭ ᠠᠴᠠ ᠪᠣᠯᠤᠭᠰᠠᠨ ᠴᠠᠬᠢᠯᠭᠠᠨ ᠲᠣᠣᠷ ᠤᠨ ᠲᠥᠬᠦᠭᠡᠷᠦᠮᠵᠢ ᠶᠢᠨ ᠡᠪᠳᠡᠷᠡᠯ ᠰᠦᠢᠳᠦᠯ ᠨᠢ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃    ︵5︶ ᠠᠵᠢᠯᠯᠠᠭᠠᠨ ᠢ ᠬᠠᠮᠠᠭᠠᠯᠠᠬᠤ ᠠᠵᠢᠯᠲᠠᠨ ᠠᠳᠡᠭᠦᠦ ᠠᠵᠢᠯᠯᠠᠭᠤᠯᠬᠤ ᠪᠤᠶᠤ ᠲᠣᠬᠢᠷᠠᠭᠤᠯᠤᠭᠴᠢ ᠶᠢ ᠵᠣᠬᠢᠰ ᠦᠭᠡᠢ ᠰᠢᠢᠳᠪᠦᠷᠢᠯᠡᠭᠰᠡᠨ ᠵᠡᠷᠭᠡ ᠨᠢ ᠪᠠᠰᠠ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃    ︵ 6 ︶ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠦᠴᠦ ᠨᠢ ᠶᠡᠭᠡ ᠬᠡᠪᠴᠢᠶ᠎ᠡ ᠪᠠᠷ ᠬᠠᠰᠤᠭᠳᠠᠬᠤ ᠠᠴᠠ ᠪᠣᠯᠵᠤ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃    ︵ 7 ︶ ᠪᠤᠰᠤᠳ ᠰᠢᠯᠲᠠᠭᠠᠨ ᠠᠴᠠ ᠪᠣᠯᠵᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠬᠤ ᠃    3 2 ᠬᠤᠣᠷ ᠬᠥᠨᠥᠭᠡᠯ ᠤᠨ ᠬᠡᠮᠵᠢᠶ᠎ᠡ ᠶᠢᠨ ᠵᠠᠳᠠᠯᠤᠯᠲᠠ    ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠨᠢ ᠶᠤᠸᠠᠨ ᠪᠦᠦ ᠱᠠᠨ ᠲᠣᠭᠤᠷᠢᠭ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠪᠣᠯᠣᠨ ᠨᠡᠶᠢᠭᠡᠮ ᠤᠨ ᠳᠦᠷᠢ ᠲᠥᠷᠬᠦ ᠶᠢ ᠬᠦᠨᠳᠦ ᠨᠣᠴᠢᠲᠠᠢ ᠡᠪᠳᠡᠭᠰᠡᠨ ᠤ ᠬᠠᠮᠲᠤ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠰᠠᠭᠤᠷᠢ ᠲᠥᠬᠦᠭᠡᠷᠦᠮᠵᠢ ᠳᠤ ᠯᠤᠲᠤ ᠶᠡᠭᠡ ᠨᠥᠯᠥᠭᠡ ᠦᠵᠡᠭᠦᠯᠵᠦ ᠂ ᠵᠠᠮ ᠬᠠᠷᠢᠯᠴᠠᠭ᠎ᠠ ᠂ ᠮᠡᠳᠡᠭᠡ ᠬᠤᠯᠪᠣᠭ᠎ᠠ ᠶᠢ ᠲᠠᠮᠪᠠᠷᠠᠭᠤᠯᠵᠤ ᠂ ᠤᠰᠤ ᠂ ᠬᠡᠢ ᠂ ᠨᠡᠭᠦᠷᠡᠰᠦ ᠂ ᠲᠣᠰᠣ ᠵᠡᠷᠭᠡ ᠶᠢᠨ ᠬᠠᠩᠭᠠᠯᠭ᠎ᠠ ᠶᠢ ᠲᠠᠰᠤᠯᠳᠠᠭᠤᠯᠵᠤ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠠᠷᠠᠳ ᠤᠨ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠂ ᠴᠢᠨᠠᠭᠰᠢᠯᠠᠪᠠᠯ ᠨᠡᠶᠢᠭᠡᠮ ᠤᠨ ᠠᠮᠤᠷ ᠲᠦᠪᠰᠢᠨ ᠂ ᠣᠷᠣᠨ ᠨᠤᠲᠤᠭ ᠤᠨ ᠠᠮᠤᠷ ᠲᠦᠪᠰᠢᠨ ᠳᠤ ᠲᠤᠶᠢᠯ ᠤᠨ ᠶᠡᠭᠡ ᠰᠦᠷᠳᠡᠭᠦᠯᠦᠯ ᠤᠴᠠᠷᠠᠭᠤᠯᠵᠤ ᠮᠡᠳᠡᠨ᠎ᠠ ᠃    ︵ 1 ︶ ᠵᠠᠰᠠᠭ ᠤᠨ ᠣᠷᠳᠣᠨ ᠤ ᠰᠠᠯᠠᠭ᠎ᠠ ᠮᠥᠴᠢᠷ ᠂ ᠭᠠᠯ ᠰᠡᠷᠭᠡᠶᠢᠯᠡᠬᠦ ᠂ ᠳᠣᠲᠣᠭᠠᠳᠤ ᠶᠢ ᠬᠠᠮᠠᠭᠠᠯᠠᠬᠤ ᠵᠡᠷᠭᠡ ᠴᠢᠬᠤᠯᠠ ᠪᠠᠶᠢᠭᠤᠯᠤᠮᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠲᠠᠰᠤᠯᠳᠠᠭᠤᠯᠵᠤ ᠂ ᠲᠡᠭᠦᠨ ᠤ ᠨᠡᠶᠢᠭᠡᠮ ᠤᠨ ᠡᠭᠦᠷᠭᠡ ᠴᠢᠳᠠᠪᠤᠷᠢ ᠶᠢᠨ ᠬᠡᠪ ᠤᠨ ᠠᠵᠢᠯᠯᠠᠭ᠎ᠠ ᠶᠢ ᠨᠥᠯᠥᠭᠡᠯᠡᠵᠦ ᠂ ᠨᠡᠶᠢᠭᠡᠮ ᠤᠨ ᠠᠮᠤᠷ ᠲᠦᠪᠰᠢᠨ ᠪᠠ ᠣᠷᠣᠨ ᠨᠤᠲᠤᠭ ᠤᠨ ᠠᠮᠤᠷ ᠲᠦᠪᠰᠢᠨ ᠳᠤ ᠠᠰᠢᠭ ᠦᠭᠡᠢ  ᠃    ︵2︶ ᠬᠢᠮᠢ ᠶᠢᠨ ᠠᠵᠤ ᠦᠢᠯᠡᠳᠪᠦᠷᠢ ᠂ ᠲᠡᠮᠦᠷ ᠬᠠᠶᠢᠯᠤᠭᠤᠯᠬᠤ ᠂ ᠨᠡᠭᠦᠷᠡᠰᠦᠨ ᠠᠭᠤᠷᠬᠠᠢ ᠂ ᠨᠡᠭᠦᠷᠡᠰᠦᠨ ᠤ ᠪᠤᠰᠤ ᠠᠭᠤᠷᠬᠠᠢ ᠶᠢᠨ ᠠᠭᠤᠯᠠ ᠵᠡᠷᠭᠡ ᠠᠶᠤᠯ ᠶᠡᠬᠡᠲᠡᠢ ᠬᠡᠷᠡᠭᠯᠡᠭᠴᠢ ᠶᠢᠨ ᠴᠠᠬᠢᠯᠭᠠᠨ ᠬᠦᠴᠦᠨ ᠢ ᠲᠠᠰᠤᠯᠳᠠᠭᠤᠯᠵᠤ ᠂ ᠦᠢᠯᠡᠳᠪᠦᠷᠢᠯᠡᠯ ᠡᠵᠡᠩᠨᠡᠯᠲᠡ ᠶᠢᠨ ᠡ᠊ᠨᠳᠡᠯ ᠵᠢᠴᠢ ᠲᠡᠭᠦᠨ ᠡᠴᠡ‌ᠭᠠᠢ ᠭᠠᠮᠰᠢᠭ ᠡᠭᠦᠰᠦᠨ᠎ᠡ᠃    ︵ 3 ︶ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠂ ᠠᠭᠤᠳᠠᠮ ᠲᠠᠯᠠᠪᠠᠢ ᠂ ᠣᠷᠣᠨ ᠰᠠᠭᠤᠴᠠ ᠶᠢᠨ ᠵᠢᠵᠢᠭ ᠲᠣᠭᠤᠷᠢᠭ ᠂ ᠡᠮᠨᠡᠯᠭᠡ ᠶᠢᠨ ᠬᠤᠷᠢᠶ᠎ᠠ ᠂ ᠰᠤᠷᠭᠠᠭᠤᠯᠢ ᠵᠡᠷᠭᠡ ᠥᠨᠳᠥᠷ ᠨᠢᠭᠲᠠᠴᠠ ᠲᠠᠢ ᠬᠥᠮᠥᠨ ᠠᠮᠠ ᠶᠢᠨ ᠲᠥᠪᠯᠡᠷᠡᠯ ᠤᠨ ᠴᠡᠭ ᠤᠨ ᠰᠠᠭᠤᠷᠢ ᠲᠥᠬᠦᠭᠡᠷᠦᠮᠵᠢ ᠶᠢᠨ ᠴᠠᠬᠢᠯᠭᠠᠨ ᠬᠦᠴᠦᠨ ᠢ ᠲᠠᠰᠤᠯᠳᠠᠭᠤᠯᠵᠤ ᠂ ᠤᠯᠠᠨ ᠲᠦᠮᠡᠨ ᠢ ᠭᠡᠯᠮᠡᠭᠳᠡᠭᠦᠯᠵᠦ ᠂ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠠᠨ᠎ᠠ᠃    ︵ 4 ︶ ᠬᠤᠳᠠ ᠶᠢᠨ ᠵᠠᠮ ᠬᠠᠷᠢᠯᠴᠠᠭ᠎ᠠ ᠶᠢ ᠲᠦᠭᠵᠢᠷᠡᠭᠦᠯᠬᠦ ᠂ ᠴᠢᠨᠠᠭᠰᠢᠯᠠᠪᠠᠯ ᠲᠠᠮᠪᠠᠷᠠᠭᠤᠯᠵᠤ ᠂ ᠲᠡᠮᠦᠷ ᠵᠠᠮ ᠤᠨ ᠴᠠᠬᠢᠯᠭᠠᠨ ᠬᠠᠩᠭᠠᠯᠭ᠎ᠠ ᠶᠢ ᠲᠠᠰᠤᠯᠳᠠᠭᠤᠯᠵᠤ ᠂ ᠵᠠᠮ ᠬᠠᠷᠢᠯᠴᠠᠭ᠎ᠠ ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠪᠠ ᠡᠳ᠋ ᠪᠣᠳᠠᠰ ᠤᠨ ᠲᠡᠭᠡᠭᠡᠪᠦᠷᠢ ᠶᠢ ᠨᠦᠯᠦᠭᠡᠯᠡᠨ᠎ᠡ᠃    ︵ 5 ︶ ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠨᠢ ᠣᠳᠣᠬᠠᠨ ᠤ ᠰᠢᠨ᠎ᠡ ᠵᠠᠭᠤᠴᠢᠯᠠᠭᠤᠷ ᠤᠨ ᠴᠠᠭ ᠦᠶ᠎ᠡ ᠳᠤ ᠲᠤᠶᠢᠯ ᠤᠨ ᠠᠮᠠᠷᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠠᠯᠠᠭᠤᠨ ᠴᠡᠭ ᠪᠣᠯᠵᠤ᠂ ᠤᠯᠠᠨ ᠨᠡᠶᠢᠲᠡ ᠶᠢᠨ ᠦᠨᠡᠨ ᠪᠠᠶᠢᠳᠠᠯ ᠢ ᠮᠡᠳᠡᠬᠦ ᠦᠭᠡᠢ ᠪᠠᠶᠢᠳᠠᠯ ᠤᠨ ᠳᠣᠣᠷ᠎ᠠ ᠂ ᠬᠡᠷᠪᠡ ᠶᠠᠷᠢᠶ᠎ᠠ ᠬᠡᠯᠡᠯᠴᠡᠭᠡᠨ ᠤ ᠪᠤᠷᠤᠭᠤ ᠪᠠᠶᠢᠳᠠᠯ ᠭᠠᠷᠬᠤ ᠳᠤ ᠬᠦᠷᠪᠡᠯ ᠂ ᠤᠯᠠᠨ ᠨᠡᠶᠢᠲᠡ ᠶᠢᠨ ᠭᠡᠯᠮᠡᠭᠳᠡᠯ ᠢ ᠪᠤᠢ ᠪᠣᠯᠭᠠᠵᠤ ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠵᠦ ᠮᠡᠳᠡᠨ᠎ᠠ ᠃    4. ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ    41 ᠬᠢᠨᠠᠨ ᠬᠡᠮᠵᠢᠬᠦ    ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠢᠬᠤᠯᠠ ᠴᠠᠬᠢᠯᠭᠠᠨ ᠬᠦᠴᠦᠨ ᠤ ᠲᠥᠬᠦᠭᠡᠷᠦᠮᠵᠢ᠂ ᠲᠥᠬᠦᠭᠡᠷᠦᠮᠵᠢ ᠶᠢᠨ ᠠᠵᠢᠯᠯᠠᠭᠠᠨ᠂ ᠴᠠᠬᠢᠯᠭᠠᠨ ᠭᠠᠷᠭᠠᠬᠤ ᠰᠢᠲᠠᠭᠠᠯᠭ᠎ᠠ ᠶᠢᠨ ᠬᠠᠩᠭᠠᠯᠭ᠎ᠠ ᠶᠢᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠡᠨᠧᠷᠭᠢ᠂ ᠴᠠᠭ ᠠᠭᠤᠷ᠂ ᠤᠰᠤᠨ ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ᠂ ᠭᠠᠵᠠᠷ ᠬᠥᠳᠡᠯᠦᠯᠲᠡ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠎ ᠯᠤᠭ᠎ᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠪᠠᠶᠢᠳᠠᠯ ᠤᠨ ᠴᠠᠬᠢᠯᠭᠠᠨ ᠬᠦᠴᠦᠨ ᠤ ᠠᠵᠢᠯᠯᠠᠭᠠᠨ ᠳᠤ ᠤᠴᠠᠷᠠᠭᠤᠯᠵᠤ ᠮᠡᠳᠡᠬᠦ ᠨᠥᠯᠥᠭᠡ ᠶᠢ ᠴᠠᠭ ᠲᠤᠬᠠᠢ ᠳᠤᠨᠢ ᠵᠠᠳᠠᠯᠵᠤ᠂ ᠨᠥᠯᠥᠭᠡᠯᠡᠵᠦ ᠮᠡᠳᠡᠬᠦ ᠬᠡᠪᠴᠢᠶ᠎ᠡ ᠪᠠ ᠬᠡᠮᠵᠢᠶ᠎ᠡ ᠶᠢ ᠤᠷᠢᠳᠴᠢᠯᠠᠨ ᠵᠢᠱᠢᠨ᠎ᠡ᠃    42 ᠤᠷᠢᠳᠴᠢᠯᠠᠨ ᠰᠡᠷᠡᠮᠵᠢᠯᠡᠭᠦᠯᠬᠦ    4.1.1 ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ    ᠴᠠᠬᠢᠯᠭᠠᠨ ᠬᠦᠴᠦᠨ ᠤ ᠠᠵᠤ ᠠᠬᠤᠶᠢᠯᠠᠯ ‍ᠤᠨ‌ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠴᠤ ᠮᠡᠳᠡᠬᠦ ᠢ ᠰᠤᠳᠤᠯᠤᠨ ᠮᠠᠭᠠᠳᠯᠠᠬᠤ ᠎ ᠲᠤ ᠬᠤᠯᠪᠣᠭᠳᠠᠯ ᠪᠦᠬᠦᠢ ᠪᠠᠶᠢᠳᠠᠯ ᠢ ᠬᠠᠷᠢᠶ᠎ᠠ ᠭᠠᠵᠠᠷ ᠤᠨ ᠨᠥᠯᠥᠭᠡᠯᠡᠭᠳᠡᠭᠰᠡᠨ ᠣᠷᠣᠨ ᠤ ᠴᠠᠬᠢᠯᠭᠠᠨ ᠬᠦᠴᠦᠨ ᠤ ᠬᠠᠮᠢᠶᠠᠷᠤᠯᠲᠠ ᠎ ᠶᠢᠨ ᠰᠠᠯᠠᠭ᠎ᠠ ᠮᠥᠴᠢᠷ ᠲᠤ ᠴᠠᠭ ᠲᠤᠬᠠᠢ ᠎ ᠳᠤᠨᠢ ᠮᠡᠳᠡᠭᠦᠯᠵᠦ ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠪᠠᠶᠢᠳᠠᠯ ᠎ ᠢ ᠨᠢ ᠦᠵᠡᠵᠦ ᠪᠠᠶᠢᠭᠠᠳ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠎ ᠲᠤ ᠮᠡᠳᠡᠭᠳᠡᠬᠦ ᠬᠡᠷᠡᠭᠲᠡᠢ ᠃ ᠬᠡᠷᠡᠭ ᠭᠠᠷᠤᠭᠰᠠᠨ ᠭᠠᠵᠠᠷ ᠎ ᠤᠨ ᠴᠠᠬᠢᠯᠭᠠᠨ ᠬᠦᠴᠦᠨ ᠎ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠠᠭ ᠲᠤᠬᠠᠢ ᠎ ᠳᠤᠨᠢ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠵᠤ ᠂ ᠴᠠᠭ ᠲᠤᠬᠠᠢ ᠎ ᠳᠤᠨᠢ ᠴᠢᠬᠤᠯᠠ ᠬᠡᠷᠡᠭ ᠭᠠᠷᠤᠭᠰᠠᠨ ᠭᠠᠵᠠᠷ ᠎ ᠢ ᠠᠷᠠᠳ ᠤᠨ ᠵᠠᠰᠠᠭ ‍ᠤᠨ‌ᠣᠷᠳᠣᠨ ᠎ ᠳᠤ ᠮᠡᠳᠡᠭᠦᠯᠵᠦ ᠂ ᠵᠥᠪᠰᠢᠶᠡᠷᠡᠭᠦᠯᠦᠭᠰᠡᠨ ᠎ ᠤ ᠲᠡᠷᠠᠭ᠎ᠠ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠭᠦᠯᠵᠦ᠂ ᠨᠡᠶᠢᠲᠡᠯᠡᠬᠦ ᠶᠢᠨ ᠬᠠᠮᠲᠤ ᠠᠳᠠᠯᠢ ᠱᠠᠲᠤᠨ ᠎ ᠤ ᠪᠤᠰᠤᠳ ᠰᠠᠯᠠᠭ᠎ᠠ ᠮᠥᠴᠢᠷ ᠪᠣᠯᠣᠨ ᠨᠢᠭᠡᠴᠡ ᠳᠤ ᠨᠡᠪᠲᠡᠷᠡᠭᠦᠯᠬᠦ ᠬᠡᠷᠡᠭᠲᠡᠢ ᠃ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠴᠤ ᠮᠡᠳᠡᠬᠦ ᠶᠢ ᠰᠤᠳᠤᠯᠤᠨ ᠮᠠᠭᠠᠳᠯᠠᠬᠤ ᠳᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠎ ᠨᠢ ᠣᠷᠣᠨ ᠤ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ᠂ ᠳᠡᠭᠡᠳᠦ ᠱᠠᠲᠤᠨ ᠤ ᠨᠢᠭᠡᠴᠡ ᠪᠣᠯᠣᠨ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠵᠡᠭᠦᠨ ᠬᠤᠶᠢᠲᠤ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃    4.2.2 ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ    ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠪᠠᠶᠢᠴᠠᠭᠠᠨ ᠵᠠᠰᠠᠬᠤ ᠪᠠ ᠠᠵᠢᠯᠯᠠᠭᠠᠨ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ ᠪᠠᠶᠢᠳᠠᠯ ᠤᠨ ᠬᠥᠭᠵᠢᠯᠲᠡ ᠶᠢ ᠡᠵᠡᠮᠳᠡᠬᠦ ᠬᠡᠷᠡᠭᠲᠡᠢ ︔ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ ᠎ ᠶᠢ ᠠᠪᠤᠷᠠᠨ ᠲᠤᠰᠠᠯᠠᠬᠤ ᠡᠩᠨᠡᠭᠡ ᠪᠣᠯᠣᠨ ᠬᠥᠮᠥᠰ ᠢ ᠵᠣᠬᠢᠶᠠᠨ ᠪᠠᠶᠢᠭᠤᠯᠤᠨ ᠵᠠᠷᠯᠢᠭ ᠬᠦᠯᠢᠶᠡᠬᠦ ᠪᠠᠶᠢᠳᠠᠯ ᠳᠤ ᠣᠷᠣᠭᠤᠯᠵᠤ᠂ ᠪᠡᠯᠡᠳᠬᠡᠯ ᠠᠵᠢᠯᠲᠠᠨ ᠢ ᠳᠠᠶᠢᠴᠢᠯᠠᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠳᠤ ᠣᠷᠣᠯᠴᠠᠬᠤ ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ ᠪᠣᠯᠣᠨ ᠲᠥᠬᠦᠭᠡᠷᠦᠮᠵᠢ ᠵᠡᠷᠭᠡ ᠪᠠᠴᠢᠮ ᠪᠠᠶᠢᠳᠠᠯ ᠢ ᠠᠷᠭᠠᠴᠠᠬᠤ ᠶᠢᠨ ᠪᠠᠲᠤᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠨᠢ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠶᠢ ᠡᠬᠢᠯᠡᠨ ᠬᠡᠷᠡᠭᠯᠡᠬᠦ ᠪᠡᠯᠡᠳᠬᠡᠯ ᠠᠵᠢᠯ ᠢ ᠰᠠᠶᠢᠲᠤᠷ ᠬᠢᠨ᠎ᠡ᠃ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠᠴᠢᠮ ᠪᠠᠶᠢᠳᠠᠯ ᠢ ᠠᠷᠭᠠᠴᠠᠭᠠᠯᠲᠠ ᠶᠢ ᠡᠬᠢᠯᠡᠭᠦᠯᠵᠦ᠂ ᠣᠷᠣᠨ ᠪᠦᠰᠡ ᠠᠯᠤᠰᠯᠠᠬᠤ ᠶᠢᠨ ᠵᠡᠷᠭᠡ ᠳᠤ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠯᠴᠠᠭ᠎ᠠ ᠪᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠡᠮᠬᠢ ᠵᠢᠷᠤᠮ ᠢ ᠬᠠᠮᠠᠭᠠᠯᠠᠵᠤ ᠂ ᠤᠰᠤ᠂ ᠬᠡᠢ᠂ ᠢᠯᠴᠢ ᠬᠠᠩᠭᠠᠬᠤ᠂ ᠲᠠᠸᠠᠷ ᠤᠨ ᠬᠠᠩᠭᠠᠯᠭ᠎ᠠ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠨ᠎ᠡ︔ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ ᠂ ᠬᠤᠯᠪᠣᠭᠳᠠᠯ ᠪᠦᠬᠦᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ ᠂ ᠨᠡᠶᠢᠭᠡᠮ ᠨᠡᠶᠢᠲᠡ ᠶᠢᠨ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠂ ᠴᠤᠤᠷᠬᠠᠯ ᠶᠠᠷᠢᠶ᠎ᠠ ᠶᠢ ᠴᠠᠭ ᠲᠤᠬᠠᠢ ᠳᠤᠨᠢ ᠢᠯᠭᠠᠷᠠᠭᠤᠯᠤᠨ᠎ᠠ ᠃    43 ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ    ᠬᠡᠷᠡᠭ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠬᠤ ᠬᠡᠷᠡᠭ ᠭᠠᠷᠬᠤ ᠦᠭᠡᠢ ᠂ ᠴᠠᠬᠢᠯᠭᠠᠨ ᠬᠠᠩᠭᠠᠯᠭ᠎ᠠ ᠶᠢ ᠰᠡᠷᠭᠦᠭᠡᠭᠰᠡᠨ ᠤ ᠳᠠᠷᠠᠭ᠎ᠠ ᠡᠭᠦᠰᠦᠮᠡᠯ ᠭᠠᠮᠰᠢᠭ ᠭᠠᠷᠬᠤ ᠦᠭᠡᠢ ᠭᠡᠵᠦ ᠰᠤᠳᠤᠯᠤᠨ ᠮᠠᠭᠠᠳᠯᠠᠭᠰᠠᠨ ᠦᠶ᠎ᠡ ᠳᠤ᠂ ︽ᠬᠡᠨ ᠨᠡᠶᠢᠲᠡᠯᠡᠪᠡᠯ ᠬᠡᠨ ᠬᠦᠴᠦᠨ ᠦᠭᠡᠢ ᠪᠣᠯᠭᠠᠬᠤ︾ ᠵᠠᠷᠴᠢᠮ ᠶᠣᠰᠣᠭᠠᠷ᠂ ᠨᠡᠶᠢᠲᠡᠯᠡᠭᠰᠡᠨ ᠨᠢᠭᠡᠴᠡ ᠠᠴᠠ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠵᠦ᠂ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠬᠤ ᠶᠢᠨ ᠬᠠᠷᠢᠭᠤ ᠲᠤᠰᠬᠠᠯ ᠢ ᠵᠣᠭᠰᠣᠭᠠᠨ᠎ᠠ᠃    43ᠮᠡᠳᠡᠭᠡ ᠵᠠᠩᠭᠢ ᠶᠢᠨ ᠮᠡᠳᠡᠭᠦᠯᠦᠯᠲᠡ    ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠤ ᠲᠠᠷᠠᠭ᠎ᠠ ᠂ ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠎ ᠨᠢ ᠨᠥᠯᠥᠭᠡᠯᠡᠭᠳᠡᠭᠰᠡᠨ ᠣᠷᠣᠨ ᠤ ᠬᠠᠷᠢᠶ᠎ᠠ ᠭᠠᠵᠠᠷ ᠤᠨ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠨᠥᠯᠥᠭᠡᠯᠡᠭᠳᠡᠭᠰᠡᠨ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠎ ᠳᠤ ᠳᠠᠷᠤᠶᠢᠬᠠᠨ ᠮᠡᠳᠡᠭᠦᠯᠬᠦ ᠶᠢᠨ ᠬᠠᠮᠲᠤ ᠤᠯᠤᠰ ᠎ ᠤᠨ ᠡᠨᠧᠷᠭᠢ ᠶᠢᠨ ᠲᠣᠪᠴᠢᠶ᠎ᠠ ᠶᠢᠨ ᠵᠡᠭᠦᠨ ᠬᠤᠶᠢᠲᠤ ᠣᠷᠣᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠎ ᠳᠤ ᠮᠡᠳᠡᠭᠦᠯᠬᠦ ᠬᠡᠷᠡᠭᠲᠡᠢ ᠃ᠬᠡᠷᠡᠭ ᠭᠠᠷᠤᠭᠰᠠᠨ ᠭᠠᠵᠠᠷ ᠤᠨ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠮᠡᠳᠡᠭᠡ ᠵᠠᠩᠭᠢ ᠶᠢᠨ ᠮᠡᠳᠡᠭᠦᠯᠦᠯᠲᠡ ᠎ ᠶᠢ ᠣᠯᠣᠭᠰᠠᠨ ᠪᠤᠶᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠢᠨᠠᠨ ᠬᠡᠮᠵᠢᠭᠰᠡᠨ ᠤ ᠳᠠᠷᠠᠭ᠎ᠠ᠂ ᠲᠡᠷᠡ ᠳᠠᠷᠤᠢ ᠳᠤᠨᠢ ᠬᠢᠨᠠᠨ ᠬᠠᠷᠭᠤᠭᠤᠯᠵᠤ ᠂ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠰᠢᠨᠵᠢ ᠴᠢᠨᠠᠷ ᠂ ᠲᠦᠷᠦᠯ ᠢᠯᠭᠠᠯ ᠢ ᠠᠩᠬ᠎ᠠ ᠠᠯᠬᠤᠮ ᠮᠠᠭᠠᠳᠯᠠᠨ ᠲᠣᠭᠲᠠᠭᠠᠵᠤ ᠂ ᠤᠯᠤᠰ ᠠᠴᠠ ᠲᠣᠭᠲᠠᠭᠠᠭᠰᠠᠨ ᠴᠠᠭ ᠬᠤᠭᠤᠴᠠᠭ᠎ᠠ ᠂ ᠵᠢᠷᠤᠮ ᠪᠠ ᠱᠠᠭᠠᠷᠳᠠᠯᠭ᠎ᠠ ᠶᠣᠰᠣᠭᠠᠷ ᠳᠡᠭᠡᠳᠦ ᠱᠠᠲᠤᠨ ᠤ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠠᠳᠠᠯᠢ ᠱᠠᠲᠤᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠮᠡᠳᠡᠭᠳᠡᠬᠦ ᠬᠡᠷᠡᠭᠲᠡᠢ ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠮᠡᠳᠡᠭᠡ ᠵᠠᠩᠭᠢ ᠶᠢ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ ᠂ ᠴᠢᠬᠤᠯᠠᠲᠠᠢ ᠦᠶ᠎ᠡ ᠳᠤ ᠱᠠᠲᠤ ᠠᠯᠤᠰᠯᠠᠨ ᠳᠡᠭᠡᠭᠰᠢ ᠮᠡᠳᠡᠭᠦᠯᠵᠦ ᠪᠣᠯᠣᠨ᠎ᠠ ᠃    5 ᠪᠠᠴᠢᠮ ᠪᠠᠶᠢᠳᠠᠯ ᠎ ᠤᠨ ᠠᠷᠭᠠᠴᠠᠭᠠᠯᠲᠠ    5.1 ᠠᠷᠭᠠᠴᠠᠭᠠᠯᠲᠠ ᠶᠢᠨ ᠳᠡᠰ    ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠬᠦᠨᠳᠦ ᠨᠣᠴᠢᠲᠠᠢ ᠬᠡᠮᠵᠢᠶ᠎ᠡ ᠪᠠ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠂ ᠪᠠᠴᠢᠮ ᠪᠠᠶᠢᠳᠠᠯ ᠤᠨ ᠠᠷᠭᠠᠴᠠᠭᠠᠯᠲᠠ ᠶᠢ Ⅰ ᠲᠠᠰ᠂ Ⅱ ᠲᠠᠰ ᠪᠠ Ⅲ ᠲᠠᠰ ᠭᠡᠵᠦ 3 ᠲᠠᠰ ᠢᠶᠠᠷ ᠲᠣᠭᠲᠠᠭᠠᠪᠠ᠃ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠴᠢᠬᠤᠯᠠ ᠶᠡᠭᠡ ᠬᠡᠷᠡᠭ ᠢ ᠠᠩᠬ᠎ᠠ ᠠᠯᠬᠤᠮ ᠮᠠᠭᠠᠳᠯᠠᠵᠤ᠂ Ⅰ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠡᠬᠢᠯᠡᠭᠦᠯᠵᠦ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ᠠᠩᠬ᠎ᠠ ᠠᠯᠬᠤᠮ ᠤᠨ ᠲᠠᠰᠤᠯᠤᠯᠲᠠ ᠳᠤ ᠨᠡᠯᠢᠶᠡᠳ ᠶᠡᠭᠡ᠂ ᠡᠩ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠪᠠᠯ᠂ ᠲᠣᠰ ᠲᠣᠰ Ⅱ ᠲᠠᠰ᠂ Ⅲ ᠲᠠᠰ ᠤᠨ ᠪᠠᠴᠢᠮ ᠪᠠᠶᠢᠳᠠᠯ ᠎ ᠤᠨ ᠠᠷᠭᠠᠴᠠᠭᠠᠯᠲᠠ ᠬᠢᠬᠦ ᠠᠵᠢᠯ ᠢ ᠡᠬᠢᠯᠡᠭᠦᠯᠵᠦ᠂ ᠬᠡᠷᠡᠭ ᠤᠨ ᠨᠥᠯᠥᠭᠡᠯᠡᠬᠦ ᠬᠡᠪᠴᠢᠶ᠎ᠡ ᠶᠢ ᠦᠨᠳᠦᠰᠦᠯᠡᠨ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠎ ᠠᠴᠠ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃    ᠡᠩ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠷᠢᠮᠵᠢᠶ᠎ᠠ ᠳᠤ ᠬᠠᠷᠠᠬᠠᠨ ᠬᠦᠷᠦᠭᠡᠳᠦᠶ ᠪᠣᠯᠪᠠᠴᠤ ᠨᠡᠶᠢᠭᠡᠮ ᠳᠤ ᠨᠡᠯᠢᠶᠡᠳ ᠶᠡᠭᠡ ᠨᠥᠯᠥᠭᠡ ᠦᠵᠡᠭᠦᠯᠦᠭᠰᠡᠨ ᠪᠤᠰᠤᠳ ᠴᠠᠬᠢᠯᠭᠠᠨ ᠵᠣᠭᠰᠣᠭᠰᠠᠨ ᠬᠡᠷᠡᠭ ᠲᠤ ᠪᠣᠯ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠡᠬᠢᠯᠡᠭᠦᠯᠵᠦ ᠪᠣᠯᠣᠨ᠎ᠠ᠃    ᠪᠠᠴᠢᠮ ᠪᠠᠶᠢᠳᠠᠯ ᠎ ᠤᠨ ᠠᠷᠭᠠᠴᠠᠭᠠᠯᠲᠠ ᠶᠢ ᠡᠬᠢᠯᠡᠭᠦᠯᠦᠭᠰᠡᠨ ᠤ ᠳᠠᠷᠠᠭ᠎ᠠ᠂ ᠬᠡᠷᠡᠭ ᠠᠴᠠ ᠪᠣᠯᠤᠭᠰᠠᠨ ᠬᠤᠬᠢᠷᠠᠯ ᠤᠨ ᠪᠠᠶᠢᠳᠠᠯ ᠵᠢᠴᠢ ᠬᠥᠭᠵᠢᠯᠲᠡ ᠶᠢᠨ ᠬᠠᠨᠳᠤᠰᠢ ᠶᠢ ᠦᠵᠡᠵᠦ ᠪᠠᠶᠢᠭᠠᠳ ᠳᠠᠭᠠᠬᠤ ᠶᠢᠨ ᠲᠠᠰ ᠲᠤ ᠲᠣᠬᠢᠷᠠᠭᠤᠯᠤᠯᠲᠠ ᠬᠢᠵᠦ ᠂ ᠠᠷᠭᠠᠴᠠᠭᠠᠯᠲᠠ ᠪᠠᠷ ᠬᠦᠷᠦᠯᠴᠡᠬᠦ ᠦᠭᠡᠢ ᠪᠤᠶᠤ ᠬᠡᠲᠦ‌ᠠᠷᠭᠠᠴᠠᠭᠠᠯᠲᠠ‌ᠡᠴᠠ ᠵᠠᠶᠢᠯᠠᠰᠬᠢᠬᠦ ᠬᠡᠷᠡᠭᠲᠡᠢ᠃    5.2 ᠠᠷᠭᠠᠴᠠᠭᠠᠯᠲᠠ ‍ᠤᠨ‌ᠠᠷᠭ᠎ᠠ ᠬᠡᠮᠵᠢᠶ᠎ᠡ    ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠡᠭᠦᠰᠦᠭᠰᠡᠨ ᠤ ᠳᠠᠷᠠᠭ᠎ᠠ᠂ ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠪᠣᠯᠣᠨ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠨᠢ ᠳᠠᠷᠤᠢ ᠲᠦᠷᠭᠡᠨ ᠤᠷᠢᠳᠠᠪᠠᠷ ᠰᠢᠢᠳᠪᠦᠷᠢᠯᠡᠬᠦ ᠶᠢ ᠬᠡᠷᠡᠭᠵᠢᠭᠦᠯᠵᠦ᠂ ᠬᠡᠷᠡᠭ ᠤᠨ ᠬᠥᠭᠵᠢᠯᠲᠡ ᠶᠢᠨ ᠪᠠᠶᠢᠳᠠᠯ ᠢ ᠪᠥᠬᠦ ᠬᠦᠴᠦᠨ ᠢᠶᠠᠷ ᠢᠶᠠᠨ ᠡᠵᠡᠮᠳᠡᠵᠦ᠂ ᠬᠤᠬᠢᠷᠠᠯ ᠢ ᠪᠠᠭᠠᠰᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠷᠭᠠᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠃    521 ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠠᠷᠭᠠᠴᠠᠭᠠᠯᠲᠠ ᠤᠨ ᠠᠷᠭ᠎ᠠ ᠬᠡᠮᠵᠢᠶ᠎ᠡ    ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢᠨ ᠪᠠᠶᠢᠭᠤᠯᠤᠮᠵᠢ ᠨᠤᠭᠤᠳ ᠠᠵᠢᠯᠯᠠᠭᠠᠨ ᠤ ᠠᠷᠭ᠎ᠠ ᠮᠠᠶ᠋ᠢᠭ ᠢᠶᠠᠨ ᠵᠦᠢ ᠵᠣᠬᠢᠰᠲᠠᠢ ᠲᠣᠬᠢᠷᠠᠭᠤᠯᠵᠤ ᠂ ᠴᠠᠬᠢᠯᠭᠠᠨ ᠵᠣᠭᠰᠣᠬᠤ ᠬᠡᠪᠴᠢᠶ᠎ᠡ ᠶᠢ ᠬᠢᠵᠠᠭᠠᠷᠯᠠᠨ᠎ᠠ ᠃ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠴᠢᠬᠤᠯᠠ ᠲᠥᠬᠦᠭᠡᠷᠦᠮᠵᠢ ᠂ ᠴᠠᠬᠢᠯᠭᠠᠨ ᠬᠦᠴᠦᠨ ᠤ ᠭᠤᠣᠯ ᠲᠣᠣᠷ ᠤᠨ ᠠᠵᠢᠯᠯᠠᠭ᠎ᠠ ᠶᠢ ᠠᠯᠢ ᠲᠦᠷᠭᠡᠨ ᠢᠶᠠᠷ ᠰᠡᠷᠭᠦᠭᠡᠨ᠎ᠡ ; ᠨᠥᠬᠦᠴᠡᠯ ᠪᠦᠷᠢᠳᠦᠭᠰᠡᠨ ᠦᠶ᠎ᠡ ᠳᠤ ᠂ ᠴᠢᠬᠤᠯᠠ ᠴᠠᠬᠢᠯᠭᠠᠨ ᠬᠦᠴᠦᠨ ᠬᠡᠷᠡᠭᠯᠡᠬᠦ ᠡᠷᠦᠬᠡ ᠂ ᠴᠢᠬᠤᠯᠠ ᠬᠤᠳᠠ ᠪᠣᠯᠣᠨ ᠭᠤᠣᠯᠳᠠᠯᠭ᠎ᠠ ᠲᠠᠢ ᠭᠠᠵᠠᠷ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ ᠤᠷᠢᠳᠠᠪᠠᠷ ᠰᠡᠷᠭᠦᠭᠡᠨ᠎ᠡ ᠃    ᠴᠠᠬᠢᠯᠭᠠᠨ ᠬᠦᠴᠦᠨ ᠤ ᠠᠵᠤ ᠠᠬᠤᠶᠢᠯᠠᠯ  ᠤᠨ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ ᠬᠤᠬᠢᠷᠠᠭᠰᠠᠨ ᠴᠠᠬᠢᠯᠭᠠᠨ ᠎ ᠤ ᠲᠣᠣᠷ ᠲᠥᠬᠦᠭᠡᠷᠦᠮᠵᠢ ᠪᠡᠯᠡᠳᠬᠡᠮᠵᠢ ᠶᠢ ᠵᠠᠪᠳᠤᠨ ᠵᠠᠰᠠᠵᠤ᠂ ᠬᠡᠷᠡᠭ ᠭᠠᠷᠤᠭᠰᠠᠨ ᠭᠠᠵᠠᠷ ᠤᠨ ᠠᠷᠠᠳ ᠎ ᠤᠨ ᠵᠠᠰᠠᠭ ᠎ ᠤᠨ ᠣᠷᠳᠣᠨ ᠪᠤᠶᠤ ᠵᠣᠬᠢᠴᠠᠩᠭᠤᠢ ᠵᠣᠬᠢᠶᠠᠨ ᠪᠠᠶᠢᠭᠤᠯᠵᠤ ᠵᠢᠯᠤᠭᠤᠳᠬᠤ ᠪᠠᠶᠢᠭᠤᠯᠤᠮᠵᠢ ᠶᠢᠨ ᠱᠠᠭᠠᠷᠳᠠᠯᠭ᠎ᠠ ᠶᠢ ᠦᠨᠳᠦᠰᠦᠯᠡᠨ ᠂ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠬᠢᠭᠡᠳ ᠴᠢᠬᠤᠯᠠ ᠪᠡᠯᠡᠳᠬᠡᠮᠵᠢ ᠳᠤ ᠴᠢᠬᠤᠯᠠ ᠪᠦᠬᠦᠢ ᠴᠠᠬᠢᠯᠭᠠᠨ ᠬᠦᠴᠦᠨ ᠎ ᠤ ᠲᠤᠰᠠᠯᠠᠮᠵᠢ ᠬᠠᠩᠭᠠᠬᠤ ᠬᠡᠷᠡᠭᠲᠡᠢ ᠃    ᠴᠠᠬᠢᠯᠭᠠᠨ ᠭᠠᠷᠭᠠᠬᠤ ᠠᠵᠤ ᠠᠬᠤᠶᠢᠯᠠᠯ ᠎ ᠤᠨ ᠲᠥᠬᠦᠭᠡᠷᠦᠮᠵᠢ ᠶᠢᠨ ᠠᠶᠤᠯ ᠦᠭᠡᠢ ᠪᠠᠶᠢᠬᠤ ᠶᠢ ᠪᠠᠲᠤᠯᠠᠵᠤ ᠂ ᠬᠤᠬᠢᠷᠠᠭᠰᠠᠨ ᠲᠥᠬᠦᠭᠡᠷᠦᠮᠵᠢ ᠶᠢ ᠵᠠᠪᠳᠤᠨ ᠵᠠᠰᠠᠵᠤ ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠣᠷ ᠨᠡᠶᠢᠯᠡᠭᠦᠯᠦᠨ ᠠᠵᠢᠯᠯᠠᠭᠤᠯᠬᠤ ᠪᠡᠯᠡᠳᠬᠡᠯ ᠢ ᠰᠠᠶᠢᠲᠤᠷ ᠬᠢᠵᠦ ᠂ ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢᠨ ᠶᠣᠰᠣᠭᠠᠷ ᠠᠵᠢᠯᠯᠠᠭᠠᠨ ᠢ ᠰᠡᠷᠭᠦᠭᠡᠬᠦ ᠲᠥᠯᠥᠪᠯᠡᠭᠡ ᠶᠢ ᠲᠣᠭᠲᠠᠭᠠᠬᠤ ᠬᠡᠷᠡᠭᠲᠡᠢ ᠃    5.2 ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠶᠢᠨ ᠠᠷᠭᠠᠴᠠᠬᠤ ᠠᠷᠭ᠎ᠠ ᠬᠡᠮᠵᠢᠶ᠎ᠡ    ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢ ᠨᠢ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠂ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠶᠢ ᠥᠪᠡᠰᠦᠪᠡᠨ ᠪᠡᠯᠡᠳᠬᠡᠬᠦ ᠶᠢ ᠦᠳᠲᠡᠷ ᠲᠦᠷᠭᠡᠨ ᠡᠬᠢᠯᠡᠭᠦᠯᠵᠦ᠂ ᠬᠦᠨᠳᠦ ᠶᠡᠭᠡ ᠠᠶᠤᠯ ᠤᠨ ᠡᠬᠢ ᠰᠤᠷᠪᠤᠯᠵᠢ᠂ ᠴᠢᠬᠤᠯᠠ ᠬᠠᠷᠠᠯᠲᠠ᠂ ᠴᠢᠬᠤᠯᠠ ᠶᠡᠭᠡ ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ ᠲᠤᠬᠠᠢ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠡᠭᠦᠰᠦᠮᠡᠯ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃    5.3 ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠷᠭᠠᠴᠠᠬᠤ ᠠᠷᠭ᠎ᠠ ᠬᠡᠮᠵᠢᠶ᠎ᠡ    ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠠᠷᠭ᠎ᠠ ᠬᠡᠮᠵᠢᠶ᠎ᠡ ᠶᠢ ᠡᠬᠢᠯᠡᠨ ᠬᠡᠷᠡᠭᠯᠡᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠬᠡᠷᠡᠭᠲᠡᠢ︔ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠰᠢᠲᠠᠮᠠᠬᠠᠢ ᠬᠡᠢ ᠶᠢᠨ ᠬᠠᠩᠭᠠᠯᠭ᠎ᠠ ᠪᠠ ᠳᠤᠯᠠᠭᠠᠯᠠᠭ᠎ᠠ ᠶᠢᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠠᠮᠢᠳᠤᠷᠠᠯ ᠤᠨ ᠢᠯᠴᠢ ᠶᠢᠨ ᠬᠦᠴᠦᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠴᠢᠮ ᠪᠠᠶᠢᠳᠠᠯ ᠢ ᠠᠷᠭᠠᠴᠠᠨ ᠦᠢᠯᠡᠳᠪᠦᠷᠢᠯᠡᠬᠦ ᠂ ᠲᠣᠬᠢᠷᠠᠭᠤᠯᠬᠤ ᠪᠠ ᠲᠡᠭᠡᠭᠡᠪᠦᠷᠢᠯᠡᠬᠦ ᠶᠢ ᠵᠣᠬᠢᠶᠠᠨ ᠪᠠᠶᠢᠭᠤᠯᠵᠤ ᠂ ᠴᠠᠬᠢᠯᠭᠠᠨ ᠵᠣᠭᠰᠣᠭᠰᠠᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ ᠃    524 ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠷᠭᠠᠴᠠᠬᠤ ᠠᠷᠭ᠎ᠠ ᠬᠡᠮᠵᠢᠶ᠎ᠡ    ᠤᠯᠤᠰ ᠤᠨ ᠠᠮᠤᠷ ᠲᠦᠪᠰᠢᠨ ᠪᠠ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠲᠠᠢ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠵᠤ ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ ᠥᠭᠭᠦᠨ᠎ᠡ᠃ᠴᠠᠬᠢᠯᠭᠠᠨ ᠵᠣᠭᠰᠣᠭᠰᠠᠨ ᠣᠷᠣᠨ ᠪᠦᠰᠡ ᠶᠢᠨ ᠳᠣᠲᠣᠷᠠᠬᠢ ᠬᠥᠭᠵᠢᠶᠡᠨ ᠨᠠᠷᠭᠢᠶᠠᠨ ᠲᠠᠢ ᠵᠡᠭᠡᠯᠢ ᠲᠣᠭᠤᠷᠢᠭ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠲᠠ ᠶᠢᠨ ᠵᠠᠮ ᠬᠠᠷᠢᠯᠴᠠᠭᠠᠨ ᠤ ᠲᠥᠬᠦᠭᠡᠷᠦᠮᠵᠢ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠢᠴᠢ ᠪᠤᠰᠤᠳ ᠴᠢᠬᠤᠯᠠ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠬᠥᠮᠥᠨ ᠣᠯᠠᠨ ᠴᠤᠭᠯᠠᠷᠠᠬᠤ ᠲᠠᠯᠠᠪᠤᠷ ᠢ ᠴᠢᠩᠭᠠᠳᠬᠠᠨ᠎ᠠ    5 2 5 ᠣᠯᠠᠨ ᠨᠡᠶᠢᠲᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ    ᠲᠣᠭᠤᠷᠢᠭ ᠤᠨ ᠵᠠᠰᠠᠭ ᠤᠨ ᠣᠷᠳᠣᠨ ᠪᠤᠶᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠨᠡᠶᠢᠭᠡᠮ ᠤᠨ ᠣᠯᠠᠨ ᠨᠡᠶᠢᠲᠡ ᠳᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ᠂ ᠪᠤᠰᠤᠳᠴᠢ ᠢᠯᠡ ᠲᠣᠳᠣ ᠨᠡᠶᠢᠲᠡᠯᠡᠵᠦ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠨᠡᠶᠢᠭᠡᠮ ᠤᠨ ᠣᠯᠠᠨ ᠨᠡᠶᠢᠲᠡ ᠳᠤ ᠡᠯ᠎ᠡ ᠲᠥᠷᠥᠯ ᠤᠨ ᠠᠮᠤᠷ ᠲᠦᠪᠰᠢᠨ ᠤ ᠵᠦᠢᠯᠡᠰ ᠪᠠ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠵᠦᠢᠯᠡᠰ ᠢ ᠠᠩᠬᠠᠷᠤᠭᠤᠯᠬᠤ ᠶᠢ ᠰᠠᠨᠠᠭᠤᠯᠬᠤ ᠪᠠ ᠵᠢᠯᠣᠭᠤᠳᠤᠨ᠎ᠠ᠃ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠠᠷᠢᠭᠤ ᠲᠤᠰᠬᠠᠬᠤ ᠠᠷᠭ᠎ᠠ ᠵᠠᠮ ᠢ ᠪᠠᠶᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠠᠷᠭᠠᠴᠠᠵᠤ᠂ ᠦᠨᠡᠨ ᠪᠣᠳᠠᠲᠠᠢ ᠪᠤᠰᠤ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠢ᠃    5.2.6 ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠪᠠᠶᠢᠳᠠᠯ ᠢ ᠵᠠᠳᠠᠯᠤᠨ ᠦᠨᠡᠯᠡᠬᠦ ᠠᠷᠭ᠎ᠠ ᠬᠡᠮᠵᠢᠶ᠎ᠡ    ᠲᠣᠭᠤᠷᠢᠭ ᠤᠨ ᠵᠠᠰᠠᠭ ᠤᠨ ᠣᠷᠳᠣᠨ ᠪᠤᠶᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠨᠢ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ᠂ ᠬᠡᠷᠡᠭ ᠤᠨ ᠨᠥᠯᠥᠭᠡᠯᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ᠂ ᠬᠥᠭᠵᠢᠯᠲᠡ ᠶᠢᠨ ᠬᠠᠨᠳᠤᠰᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠬᠢᠴᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠷᠢᠭᠤ ᠲᠤᠰᠬᠠᠯ ᠵᠡᠷᠭᠡ ᠮᠡᠳᠡᠭᠡ ᠵᠠᠩᠭᠢ ᠶᠢ ᠦᠨᠳᠦᠰᠦᠯᠡᠨ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠶᠢᠳᠠᠯ ᠢ ᠲᠣᠭᠲᠠᠭᠰᠠᠨ ᠴᠠᠭ ᠲᠤ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠢ᠃    5.3 ᠣᠷᠣᠨ ᠤ ᠵᠠᠰᠠᠭ ᠤᠨ ᠣᠷᠳᠣᠨ ᠤ ᠳᠠᠪᠬᠤᠷᠭ᠎ᠠ ᠶᠢᠨ ᠠᠷᠭᠠᠴᠠᠬᠤ ᠠᠷᠭ᠎ᠠ ᠬᠡᠮᠵᠢᠶ᠎ᠡ    5.3.1 ᠰᠠᠯᠠᠭ᠎ᠠ ᠮᠥᠴᠢᠷ ᠤᠨ ᠠᠷᠭᠠᠴᠠᠬᠤ ᠠᠷᠭ᠎ᠠ ᠬᠡᠮᠵᠢᠶ᠎ᠡᠡᠩ ᠤᠨ ᠪᠤᠶᠤ ᠨᠡᠯᠢᠶᠡᠳ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠢ ᠠᠩᠬ᠎ᠠ ᠠᠯᠬᠤᠮ ᠮᠠᠭᠠᠳᠯᠠᠬᠤ ᠦᠶ᠎ᠡ ᠳᠤ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠡᠷᠡᠭ ᠤᠨ ᠬᠥᠭᠵᠢᠯᠲᠡ ᠶᠢ ᠨᠢᠭᠲᠠ ᠮᠥᠷᠳᠡᠵᠦ᠂ ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠴᠠᠬᠢᠯᠭᠠᠨ ᠬᠦᠴᠦᠨ ᠢ ᠵᠠᠪᠳᠤᠨ ᠵᠠᠰᠠᠵᠤ ᠰᠡᠷᠭᠦᠭᠡᠬᠦ ᠵᠡᠷᠭᠡ ᠠᠵᠢᠯ ᠢ ᠦᠳᠲᠡᠷ ᠲᠦᠷᠭᠡᠨ ᠥᠷᠨᠢᠭᠦᠯᠵᠦ᠂ ᠬᠡᠷᠡᠭ ᠭᠠᠷᠤᠭᠰᠠᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠠᠷᠭᠠᠴᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ︔ ᠪᠠᠶᠢᠳᠠᠯ ᠢ ᠨᠢ ᠦᠵᠡᠵᠦ ᠪᠠᠶᠢᠭᠠᠳ ᠰᠠᠯᠠᠭ᠎ᠠ ᠮᠥᠴᠢᠷ ᠤᠨ ᠠᠵᠢᠯᠯᠠᠬᠤ ᠳᠤᠭᠤᠶᠢᠯᠠᠩ ᠢ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠵᠤ ᠬᠡᠷᠡᠭ ᠢ ᠠᠷᠭᠠᠴᠠᠬᠤ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠤᠨ᠎ᠠ ; ᠴᠠᠬᠢᠯᠭᠠᠨ ᠬᠦᠴᠦᠨ ᠤ ᠠᠵᠤ ᠠᠬᠤᠶᠢᠯᠠᠯ ᠪᠠ ᠬᠡᠷᠡᠭ ᠭᠠᠷᠤᠭᠰᠠᠨ ᠭᠠᠵᠠᠷ ᠤᠨ ᠭᠤᠶᠤᠴᠢᠯᠠᠯ ᠢ ᠦᠨᠳᠦᠰᠦᠯᠡᠨ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠵᠤ ᠪᠠᠶᠢᠭᠠᠳ ᠠᠷᠭᠠᠴᠠᠬᠤ ᠠᠵᠢᠯ ᠳᠤ ᠲᠤᠰᠠᠯᠠᠮᠵᠢ ᠪᠠ ᠮᠡᠷᠭᠡᠵᠢᠯ ᠤᠨ ᠳᠡᠮᠵᠢᠯᠭᠡ ᠬᠠᠩᠭᠠᠨ᠎ᠠ ; ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ ᠪᠠ ᠠᠷᠭᠠᠴᠠᠬᠤ ᠠᠵᠢᠯ ᠢ ᠰᠠᠶᠢᠲᠤᠷ ᠵᠢᠯᠣᠭᠤᠳᠤᠨ᠎ᠠ᠃    5.3. 2 ᠲᠣᠭᠤᠷᠢᠭ ᠤᠨ ᠵᠣᠬᠢᠶᠠᠨ ᠪᠠᠶᠢᠭᠤᠯᠵᠤ ᠵᠢᠯᠤᠭᠤᠳᠬᠤ ᠪᠠᠶᠢᠭᠤᠯᠤᠮᠵᠢ ᠶᠢᠨ ᠠᠷᠭᠠᠴᠠᠬᠤ ᠠᠷᠭ᠎ᠠ ᠬᠡᠮᠵᠢᠶ᠎ᠡ    ᠬᠦᠨᠳᠦ ᠶᠡᠭᠡ ᠪᠤᠶᠤ ᠣᠨᠴᠠᠭᠠᠶ ᠬᠦᠨᠳᠦ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠢ ᠠᠩᠬ᠎ᠠ ᠠᠯᠬᠤᠮ ᠮᠠᠭᠠᠳᠯᠠᠬᠤ ᠦᠶ᠎ᠡ ᠳᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠥᠪᠳᠡᠯᠴᠡᠵᠦ᠂ ᠬᠡᠷᠡᠭ ᠤᠨ ᠪᠠᠶᠢᠳᠠᠯ ᠢ ᠰᠤᠳᠤᠯᠤᠨ ᠵᠠᠳᠠᠯᠵᠤ᠂ ᠠᠷᠭᠠᠴᠠᠬᠤ ᠠᠵᠢᠯ ᠢ ᠪᠠᠶᠢᠷᠢᠯᠠᠭᠤᠯᠤᠨ᠎ᠠ︔ ᠤᠯᠠᠭᠠᠨᠬᠠᠳᠠ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ ᠬᠡᠷᠡᠭ ᠭᠠᠷᠤᠭᠰᠠᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠢ︔ ᠬᠡᠷᠡᠭ ᠶᠠᠪᠤᠳᠠᠯ ᠤᠨ ᠦᠨᠳᠦᠰᠦᠨ ᠪᠠᠶᠢᠳᠠᠯ ᠢ ᠣᠶᠢᠯᠠᠭᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠭᠤᠶᠤᠴᠢᠯᠠᠯ ᠢ ᠦᠨᠳᠦᠰᠦᠯᠡᠨ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠲᠣᠮᠢᠯᠠᠵᠤ ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠪᠠ ᠲᠣᠨᠣᠭᠯᠠᠯ ᠢ ᠰᠢᠯᠵᠢᠭᠦᠯᠵᠦ ᠂ ᠲᠤᠰᠬᠠᠢ ᠮᠡᠷᠭᠡᠵᠢᠯᠲᠡᠨ ᠪᠠ ᠮᠡᠷᠭᠡᠵᠢᠯ ᠤᠨ ᠠᠵᠢᠯᠲᠠᠨ ᠵᠡᠷᠭᠡ ᠶᠢ ᠲᠣᠬᠢᠷᠠᠭᠤᠯᠵᠤ ᠂ ᠠᠷᠭᠠᠴᠠᠬᠤ ᠠᠵᠢᠯ ᠳᠤ ᠳᠡᠮᠵᠢᠯᠭᠡ ᠪᠠ ᠮᠡᠷᠭᠡᠵᠢᠯ ᠤᠨ ᠳᠡᠮᠵᠢᠯᠭᠡ ᠬᠠᠩᠭᠠᠨ᠎ᠠ ; ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠤᠨ᠎ᠠ ; ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ ᠡᠵᠡᠮᠰᠢᠬᠦ ᠬᠡᠷᠡᠭᠲᠡᠢ᠃    54 ᠳᠠᠭᠠᠬᠤ ᠶᠢ ᠳᠠᠭᠤᠰᠬᠠᠬᠤ    ᠡᠭᠦᠨ ᠤ ᠬᠠᠮᠲᠤ ᠳᠣᠣᠷᠠᠬᠢ ᠨᠥᠬᠦᠴᠡᠯ ᠢ ᠬᠠᠩᠭᠠᠭᠰᠠᠨ ᠦᠶ᠎ᠡ ᠳᠤ᠂ ᠳᠠᠭᠠᠬᠤ ᠶᠢ ᠡᠬᠢᠯᠡᠭᠦᠯᠦᠭᠰᠡᠨ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠨ᠎ᠠ᠄    ︵ 1 ︶ ᠴᠠᠬᠢᠯᠭᠠᠨ ᠲᠣᠣᠷ ᠤᠨ ᠭᠤᠣᠯ ᠲᠣᠣᠷ ᠤᠨ ᠵᠢᠶᠠᠰᠠ ᠦᠨᠳᠦᠰᠦᠨ ᠳᠡᠭᠡᠨ ᠬᠡᠪ ᠤᠨ ᠪᠠᠶᠢᠳᠠᠯ ᠳᠠᠭᠠᠨ ᠣᠷᠣᠵᠤ ᠂ ᠴᠠᠬᠢᠯᠭᠠᠨ ᠲᠣᠣᠷ ᠤᠨ ᠠᠵᠢᠯᠯᠠᠭᠠᠨ ᠤ ᠪᠣᠯᠵᠣᠯᠲᠤ ᠲᠤᠭ᠎ᠠ ᠶᠢ ᠬᠢᠷᠢ ᠲᠡᠩᠴᠡᠭᠰᠡᠨ ᠬᠡᠪᠴᠢᠶᠡᠨ ᠳᠤ ᠪᠠᠶᠢᠯᠭᠠᠵᠤ ᠂ ᠭᠤᠣᠯ ᠪᠣᠯᠬᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠢ ᠲᠣᠭᠲᠠᠪᠤᠷᠢᠲᠠᠢ ᠪᠠᠶᠢᠯᠭᠠᠨ᠎ᠠ ;    ︵2︶ ᠬᠠᠩᠭᠠᠯᠭ᠎ᠠ ᠶᠢ ᠪᠠᠭᠠᠰᠬᠠᠬᠤ ᠳᠠᠭᠠᠭᠠᠴᠠ ᠶᠢ 80%᠎ ᠠᠴᠠ ᠳᠡᠭᠡᠭᠰᠢ ᠰᠡᠷᠭᠦᠭᠡᠵᠦ᠂ ᠴᠠᠬᠢᠯᠭᠠᠨ ᠵᠣᠭᠰᠣᠬᠤ ᠳᠤ ᠨᠥᠯᠥᠭᠡᠯᠡᠭᠳᠡᠭᠰᠡᠨ ᠭᠤᠣᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠲᠠ ᠶᠢᠨ ᠳᠠᠭᠠᠭᠠᠴᠠ ᠶᠢ 90%᠎ ᠠᠴᠠ ᠳᠡᠭᠡᠭᠰᠢ ᠰᠡᠷᠭᠦᠭᠡᠨ᠎ᠡ︔    ︵ 3 ︶ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠳᠠᠯᠳᠠ ᠭᠡᠮ ᠢ ᠦᠨᠳᠦᠰᠦᠨ ᠳᠡᠭᠡᠨ ᠠᠷᠢᠯᠭᠠᠬᠤ ;    ︵ 4 ︶ ᠶᠡᠭᠡ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠠᠴᠠ ᠪᠣᠯᠤᠭᠰᠠᠨ ᠬᠦᠨᠳᠦ ᠶᠡᠭᠡ ᠣᠨᠴᠠ ᠶᠡᠭᠡ ᠡᠭᠦᠰᠦᠮᠡᠯ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠃    6 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ    61 ᠰᠢᠢᠳᠪᠦᠷᠢᠯᠡᠯᠲᠡ ᠶᠢ ᠦᠨᠡᠯᠡᠨ ᠵᠢᠱᠢᠬᠦ    ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠶᠢ ᠳᠠᠭᠤᠰᠬᠠᠭᠰᠠᠨ ᠤ ᠳᠠᠷᠠᠭ᠎ᠠ᠂ ᠨᠥᠯᠥᠭᠡᠯᠡᠭᠳᠡᠭᠰᠡᠨ ᠣᠷᠣᠨ ᠪᠦᠰᠡ ᠶᠢᠨ ᠠᠷᠠᠳ ᠤᠨ ᠵᠠᠰᠠᠭ ᠤᠨ ᠣᠷᠳᠣᠨ ᠎ ᠨᠢ ᠬᠡᠷᠡᠭ ᠶᠠᠪᠤᠳᠠᠯ ᠢ ᠰᠢᠢᠳᠪᠦᠷᠢᠯᠡᠬᠦ ᠠᠵᠢᠯ ᠳᠤ ᠴᠠᠭ ᠲᠤᠬᠠᠢ ᠳᠤᠨᠢ ᠦᠨᠡᠯᠡᠨ ᠵᠢᠱᠢᠯᠲᠡ ᠬᠢᠬᠦ ᠶᠢ ᠵᠣᠬᠢᠶᠠᠨ ᠪᠠᠶᠢᠭᠤᠯᠵᠤ᠂ ᠬᠤᠬᠢᠷᠠᠯ ᠵᠢᠴᠢ ᠨᠥᠯᠥᠭᠡ ᠶᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠲᠣᠳᠣᠷᠬᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠰᠢᠢᠳᠪᠦᠷᠢᠯᠡᠬᠦ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠣᠶ ᠪᠣᠯᠭᠠᠬᠤ ᠬᠡᠷᠡᠭᠲᠡᠢ᠃    62 ᠬᠡᠷᠡᠭ ᠤᠨ ᠪᠠᠶᠢᠴᠠᠭᠠᠯᠲᠠ    ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠳᠠᠭᠤᠰᠬᠠᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠡᠷᠡᠭ ᠤᠨ ᠰᠢᠯᠲᠠᠭᠠᠨ᠂ ᠰᠢᠨᠵᠢ ᠴᠢᠨᠠᠷ᠂ ᠨᠥᠯᠥᠭᠡᠯᠡᠬᠦ ᠬᠡᠪᠴᠢᠶ᠎ᠡ᠂ ᠠᠵᠤ ᠠᠬᠤᠢ ᠶᠢᠨ ᠬᠤᠬᠢᠷᠠᠯ ᠵᠡᠷᠭᠡ ᠪᠠᠶᠢᠳᠠᠯ ᠢ ᠪᠠᠶᠢᠴᠠᠭᠠᠨ ᠲᠣᠳᠣᠯᠠᠵᠤ᠂ ᠰᠢᠢᠳᠪᠦᠷᠢᠯᠡᠵᠦ ᠰᠢᠢᠳᠪᠦᠷᠢᠯᠡᠭᠰᠡᠨ ᠦᠷ᠎ᠡ ᠳ᠋ᠦᠩ ᠢᠶᠠᠨ ᠳᠤᠷᠠᠳᠬᠤ ᠬᠡᠷᠡᠭᠲᠡᠢ᠃    63 ᠬᠤᠶᠢᠲᠤᠬᠢ ᠶᠠᠪᠤᠳᠠᠯ ᠢ ᠰᠢᠢᠳᠪᠦᠷᠢᠯᠡᠬᠦ    ᠨᠥᠯᠥᠭᠡᠯᠡᠭᠳᠡᠭᠰᠡᠨ ᠣᠷᠣᠨ  ᠤ ᠠᠷᠠᠳ ᠤᠨ ᠵᠠᠰᠠᠭ  ᠤᠨ ᠣᠷᠳᠣᠨ ᠨᠤᠭᠤᠳ ᠠᠵᠢᠯ  ᠤᠨ ᠲᠥᠰᠥᠯ ᠎ ᠢ ᠴᠠᠭ ᠲᠤᠬᠠᠢ ᠎ ᠳᠤᠨᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠃ ᠳᠠᠭᠠᠳᠬᠠᠯ ᠤᠨ ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠲᠥᠯᠥᠪᠦᠷᠢ ᠶᠢᠨ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠨᠥᠯᠥᠭᠡ ᠶᠢ ᠳᠠᠷᠤᠶᠢᠬᠠᠨ ᠠᠷᠢᠯᠭᠠᠬᠤ ᠬᠡᠷᠡᠭᠲᠡᠢ᠃    64 ᠰᠡᠷᠭᠦᠭᠡᠨ ᠲᠠᠬᠢᠨ ᠪᠠᠶᠢᠭᠤᠯᠬᠤ    ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠎ ᠤᠨ ᠠᠷᠭᠠᠴᠠᠭᠠᠯᠲᠠ ᠶᠢ ᠵᠣᠭᠰᠣᠭᠠᠭᠰᠠᠨ ᠤ ᠲᠠᠷᠠᠭ᠎ᠠ ᠂ ᠴᠠᠬᠢᠯᠭᠠᠨ ᠤ ᠲᠣᠣᠷ ᠤᠨ ᠲᠣᠣᠷ ᠎ ᠤᠨ ᠵᠢᠶᠠᠰᠠ ᠶᠢᠨ ᠪᠦᠲᠦᠴᠡ ᠪᠣᠯᠣᠨ ᠲᠥᠬᠦᠭᠡᠷᠦᠮᠵᠢ ᠪᠡᠯᠡᠳᠬᠡᠮᠵᠢ ᠶᠢ ᠰᠡᠯᠪᠢᠨ ᠵᠠᠰᠠᠬᠤ ᠪᠤᠶᠤ ᠲᠡᠬᠢᠨ ᠪᠠᠶᠢᠭᠤᠯᠬᠤ ᠴᠢᠬᠤᠯᠠ ᠲᠠᠢ ᠪᠣᠯ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠣᠳᠠᠲᠠᠢ ᠠᠵᠢᠯ ᠎ ᠤᠨ ᠬᠡᠷᠡᠭᠴᠡᠭᠡ ᠪᠠᠨ ᠦᠨᠳᠦᠰᠦᠯᠡᠨ ᠰᠡᠷᠭᠦᠭᠡᠨ ᠲᠡᠬᠢᠨ ᠪᠠᠶᠢᠭᠤᠯᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠎ ᠳᠤ ᠮᠡᠳᠡᠭᠦᠯᠬᠦ ᠬᠡᠷᠡᠭᠲᠡᠢ ᠃ ᠴᠠᠬᠢᠯᠭᠠᠨ ᠬᠦᠴᠦᠨ ᠤ ᠴᠢᠬᠤᠯᠠ ᠬᠡᠷᠡᠭᠯᠡᠭᠴᠢ ᠬᠤᠬᠢᠷᠠᠯ ᠳᠤ ᠤᠴᠠᠷᠠᠭᠰᠠᠨ ᠪᠣᠯ ᠠᠶᠤᠯ ᠦᠭᠡᠢ ᠶᠢ ᠦᠨᠡᠨᠬᠦ ᠪᠠᠲᠤᠯᠠᠭᠰᠠᠨ ᠤᠷᠢᠲᠠᠯ ᠤᠨ ᠳᠣᠣᠷ᠎ᠠ ᠂ ᠦᠢᠯᠡᠳᠪᠦᠷᠢᠯᠡᠯ ᠎ ᠤᠨ ᠪᠡᠯᠡᠳᠬᠡᠮᠵᠢ ᠪᠠᠨ ᠰᠡᠷᠭᠦᠭᠡᠵᠦ ᠲᠠᠬᠢᠨ ᠪᠦᠲᠦᠭᠡᠨ ᠪᠠᠶᠢᠭᠤᠯᠬᠤ ᠬᠡᠷᠡᠭᠲᠡᠢ ᠃    7 ᠪᠠᠲᠤᠯᠠᠭ᠎ᠠ ᠶᠢᠨ ᠠᠷᠭ᠎ᠠ ᠬᠡᠮᠵᠢᠶ᠎ᠡ    71 ᠡᠩᠨᠡᠭᠡᠨ ᠤ ᠪᠠᠲᠤᠯᠠᠭ᠎ᠠ    ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠴᠠᠬᠢᠯᠭᠠᠨ ᠬᠦᠴᠦᠨ ᠤ ᠵᠠᠪᠳᠤᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠲᠤᠰᠬᠠᠢ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠲᠥᠬᠦᠭᠡᠷᠦᠮᠵᠢ ᠶᠢ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠮᠡᠷᠭᠡᠵᠢᠯ ᠴᠢᠳᠠᠪᠤᠷᠢ ᠶᠢᠨ ᠲᠠᠯ᠎ᠠ ᠶᠢᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠡᠷᠡᠭᠴᠡᠭᠡ ᠪᠠᠨ ᠦᠨᠳᠦᠰᠦᠯᠡᠨ᠂ ᠪᠤᠰᠤᠳ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠶᠢ ᠠᠷᠭᠠᠴᠠᠬᠤ ᠡᠩᠨᠡᠭᠡ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠵᠡᠷᠭᠡ ᠶᠢ ᠵᠣᠬᠢᠶᠠᠨ ᠪᠠᠶᠢᠭᠤᠯᠤᠨ ᠲᠠᠶᠢᠴᠢᠯᠠᠵᠦ ᠪᠠᠶᠢᠭᠠᠳ ᠥᠷᠭᠡᠨ ᠲᠠᠯᠠᠪᠠᠢ ᠲᠠᠢ ᠴᠠᠬᠢᠯᠭᠠᠨ ᠵᠣᠭᠰᠣᠭᠰᠠᠨ ᠬᠡᠷᠡᠭ ᠵᠢᠴᠢ ᠡᠭᠦᠰᠦᠮᠡᠯ ᠭᠠᠮᠰᠢᠭ ᠢ ᠰᠢᠢᠳᠪᠦᠷᠢᠯᠡᠬᠦ ᠠᠵᠢᠯ ᠳᠤ ᠣᠷᠣᠯᠴᠠᠭᠤᠯᠬᠤ ᠬᠡᠷᠡᠭᠲᠡᠢ ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠨᠢ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠳᠡᠮᠵᠢᠯᠭᠡ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃    72 ᠵᠡᠪᠰᠡᠭ ᠲᠣᠨᠣᠭᠯᠠᠯ ᠤᠨ ᠡᠳ᠋ ᠪᠣᠳᠠᠰ ᠤᠨ ᠪᠠᠲᠤᠯᠠᠭ᠎ᠠ    ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠲᠤᠰᠬᠠᠢ ᠲᠣᠨᠣᠭᠯᠠᠯ ᠵᠢᠴᠢ ᠡᠳ᠋ ᠪᠣᠳᠠᠰ ᠢ ᠨᠥᠭᠡᠴᠡᠯᠡᠵᠦ ᠂ ᠵᠣᠬᠢᠴᠠᠩᠭᠤᠢ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠡᠳ᠋ ᠪᠠᠷᠠᠭ᠎ᠠ ᠵᠢᠴᠢ ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠪᠠᠴᠢᠮ ᠦᠢᠯᠡᠳᠪᠦᠷᠢᠯᠡᠬᠦ᠂ ᠨᠥᠭᠡᠴᠡᠯᠡᠵᠦ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠠᠵᠢᠯ ᠢ ᠴᠢᠩᠭᠠᠳᠬᠠᠵᠤ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠲᠤᠰᠠᠯᠠᠬᠤ ᠠᠵᠢᠯ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃    73 ᠮᠡᠳᠡᠭᠡ ᠬᠤᠯᠪᠣᠭ᠎ᠠ ᠂ ᠵᠠᠮ ᠬᠠᠷᠢᠯᠴᠠᠭ᠎ᠠ ᠬᠢᠭᠡᠳ ᠲᠡᠭᠡᠭᠡᠪᠦᠷᠢ ᠶᠢᠨ ᠪᠠᠲᠤᠯᠠᠭ᠎ᠠ    ᠡᠯ᠎ᠡ ᠱᠠᠲᠤᠨ ᠤ ᠠᠷᠠᠳ ᠤᠨ ᠵᠠᠰᠠᠭ ᠎ ᠤᠨ ᠣᠷᠳᠣᠨ ᠬᠢᠭᠡᠳ ᠴᠢᠮᠡᠭᠡ ᠬᠤᠯᠪᠣᠭᠠᠨ ᠎ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠎ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠰᠢᠰᠲ᠋ᠧᠮ ᠎ ᠶᠢ ᠪᠠᠶᠢᠭᠤᠯᠤᠨ ᠪᠦᠷᠢᠨᠰᠢᠭᠦᠯᠵᠦ ᠂ ᠨᠠᠶᠢᠳᠠᠪᠤᠷᠢᠲᠠᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠪᠤᠢ ᠪᠣᠯᠭᠠᠨ ᠂ ᠪᠠᠴᠢᠮ ᠪᠠᠶᠢᠳᠠᠯ ᠎ ᠢ ᠠᠷᠭᠠᠴᠠᠬᠤ ᠬᠤᠭᠤᠴᠠᠭᠠᠨ ᠎ ᠤ ᠴᠢᠮᠡᠭᠡ ᠬᠤᠯᠪᠣᠭ᠎ᠠ ᠬᠠᠷᠢᠯᠴᠠᠬᠤ ᠪᠠ ᠮᠡᠳᠡᠭᠡ ᠵᠠᠩᠭᠢ ᠳᠠᠮᠵᠢᠭᠤᠯᠬᠤ ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠢ ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠪᠠᠴᠢᠮ ᠲᠡᠭᠡᠭᠡᠪᠦᠷᠢ ᠶᠢᠨ ᠪᠠᠲᠤᠯᠠᠭ᠎ᠠ ᠶᠢᠨ  ᠰᠢᠰᠲ᠋ᠧᠮ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠬᠥᠮᠥᠰ᠂ ᠡᠳ᠋ ᠪᠣᠳᠠᠰ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠵᠡᠷᠭᠡ ᠶᠢᠨ ᠲᠡᠭᠡᠭᠡᠪᠦᠷᠢ ᠶᠢ ᠪᠠᠲᠤᠯᠠᠬᠤ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠡᠷᠭᠡ ᠬᠥᠰᠬᠡ ᠶᠢᠨ ᠤᠷᠢᠳᠠᠪᠠᠷ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠨᠢ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠬᠤ ᠲᠡᠷᠭᠡ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠬᠡᠷᠡᠭᠴᠡᠭᠡ ᠶᠢ ᠪᠠᠲᠤᠯᠠᠬᠤ ᠬᠡᠷᠡᠭᠲᠡᠢ᠃    74ᠮᠡᠷᠭᠡᠵᠢᠯ ᠤᠨ ᠪᠠᠲᠤᠯᠠᠭ᠎ᠠ    ᠴᠠᠬᠢᠯᠭᠠᠨ ᠬᠦᠴᠦᠨ ᠤ ᠠᠵᠢᠯ ᠲᠥᠷᠥᠯ ᠤᠳ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠡᠷᠢᠭᠦᠨ ᠤ ᠪᠣᠯᠪᠠᠰᠤᠷᠠᠩᠭᠤᠢ ᠪᠣᠯᠤᠭᠰᠠᠨ ᠮᠡᠷᠭᠡᠵᠢᠯ ᠲᠣᠨᠤᠭ ᠲᠥᠬᠦᠭᠡᠷᠦᠮᠵᠢ ᠶᠢ ᠬᠡᠷᠡᠭᠯᠡᠨ᠂ ᠴᠠᠬᠢᠯᠭᠠᠨ ᠲᠣᠣᠷ᠂ ᠴᠠᠬᠢᠯᠭᠠᠨ ᠤ ᠦᠢᠯᠡᠳᠪᠦᠷᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠬᠢᠯᠭᠠᠨ ᠬᠦᠴᠦᠨ ᠤ ᠡᠳᠦᠷ ᠲᠤᠲᠤᠮ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠵᠢᠴᠢ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠳᠤ ᠴᠢᠬᠤᠯᠠ ᠪᠦᠬᠦᠢ ᠴᠠᠭ ᠠᠭᠤᠷ᠂ ᠭᠠᠵᠠᠷ ᠰᠢᠨᠵᠢᠯᠡᠭᠡ᠂ ᠤᠰᠤᠨ ᠵᠦᠢ ᠵᠡᠷᠭᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃   7.5 ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠶᠢᠨ ᠪᠠᠲᠤᠯᠠᠭ᠎ᠠ    ᠴᠠᠬᠢᠯᠭᠠᠨ ᠬᠦᠴᠦᠨ ᠤ ᠰᠢᠰᠲ᠋ᠧᠮ ᠤᠨ ᠲᠦᠷᠭᠡᠨ ᠰᠡᠷᠭᠦᠬᠦ ᠴᠢᠳᠠᠪᠤᠷᠢ ᠶᠢ ᠳᠡᠭᠡᠭᠰᠢᠯᠡᠭᠦᠯᠵᠦ ᠂ ᠴᠠᠬᠢᠯᠭᠠᠨ ᠲᠣᠣᠷ ᠤᠨ ︽ ᠬᠠᠷ᠎ᠠ ᠠᠵᠢᠯᠯᠠᠭ᠎ᠠ ᠶᠢ ᠡᠬᠢᠯᠡᠭᠦᠯᠬᠦ ︾ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠴᠠᠬᠢᠯᠭᠠᠨ ᠡᠭᠦᠰᠬᠡᠭᠴᠢ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠭᠦᠢᠴᠡᠳ ᠪᠣᠳᠣᠯᠬᠢᠯᠠᠵᠤ᠂ ᠡᠯ᠎ᠡ ᠭᠠᠵᠠᠷ ᠣᠷᠣᠨ ᠤ ᠴᠠᠬᠢᠯᠭᠠᠨ ᠡᠭᠦᠰᠬᠡᠭᠴᠢ ᠶᠢ ︽ᠬᠠᠷ᠎ᠠ ᠠᠷᠭ᠎ᠠ ᠪᠠᠷ ᠡᠬᠢᠯᠡᠭᠦᠯᠬᠦ︾᠎ ᠶᠢ ᠪᠠᠲᠤᠯᠠᠬᠤ ᠬᠡᠷᠡᠭᠲᠡᠢ᠃ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠭᠠᠷᠭᠠᠬᠤ ᠵᠣᠬᠢᠬᠤ ᠬᠡᠮᠵᠢᠶᠡᠨ ᠤ ᠲᠣᠨᠣᠭᠯᠠᠯ ᠢ ᠲᠣᠬᠢᠷᠠᠭᠤᠯᠵᠤ ᠂ ᠴᠢᠬᠤᠯᠠ ᠲᠠᠢ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠶᠢᠨ ᠲᠤᠰᠠᠯᠠᠮᠵᠢ ᠬᠠᠩᠭᠠᠬᠤ ᠬᠡᠷᠡᠭᠲᠡᠢ ᠃ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠡᠭᠦᠰᠬᠡᠭᠴᠢ ᠲᠣᠬᠢᠷᠠᠭᠤᠯᠬᠤ ᠎ ᠶᠢᠨ ᠬᠠᠮᠲᠤ ᠬᠠᠮᠠᠭᠠᠯᠠᠯᠲᠠ ᠪᠠ ᠬᠠᠮᠢᠶᠠᠷᠤᠯᠲᠠ ᠪᠠᠨ ᠴᠢᠩᠭᠠᠳᠬᠠᠨ ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠵᠢᠨ‌‍ᠲ᠋ᠣᠣᠷ᠎ᠠ ᠠᠰᠢᠭᠯᠠᠯᠲᠠ ᠎ ᠳᠤ ᠣᠷᠣᠭᠤᠯᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ ᠃    76 ᠪᠡᠯᠡ ᠮᠥᠩᠭᠦᠨ ᠤ ᠪᠠᠲᠤᠯᠠᠭ᠎ᠠ    ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠰᠢᠢᠳᠪᠦᠷᠢᠯᠡᠬᠦ ᠠᠵᠢᠯ ᠳᠤ ᠴᠢᠬᠤᠯᠠ ᠪᠦᠬᠦᠢ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    7  7  ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ    ︵1︶ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠬᠠᠮᠢᠶ᠎ᠠ ᠪᠦᠬᠦᠢ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠪᠠᠶᠢᠳᠠᠯ ᠳᠣᠣᠷ᠎ᠠ ᠣᠯᠠᠨ ᠨᠡᠶᠢᠲᠡ ᠶᠢᠨ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠮᠡᠳᠡᠯᠭᠡ ᠶᠢ ᠭᠤᠣᠯᠳᠠᠯᠭ᠎ᠠ ᠲᠠᠢ ᠤᠬᠠᠭᠤᠯᠵᠤ᠂ ᠨᠡᠶᠢᠭᠡᠮ ᠳᠠᠶᠠᠭᠠᠷ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔    ︵2︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ  ᠨᠢᠭᠡᠴᠢ ᠨᠦᠭᠦᠳ ᠲᠤᠰ ᠭᠠᠵᠠᠷ ᠣᠷᠣᠨ ᠂ ᠲᠤᠰ ᠨᠢᠭᠡᠴᠢ ᠶᠢᠨ ᠢᠶᠠᠨ ᠥᠷᠭᠡᠨ ᠲᠠᠯᠠᠪᠠᠢ ᠲᠠᠢ ᠴᠠᠬᠢᠯᠭᠠᠨ ᠵᠣᠭᠰᠣᠭᠰᠠᠨ ᠬᠡᠷᠡᠭ ᠢ ᠠᠷᠭᠠᠴᠠᠬᠤ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠬᠡᠷᠡᠭᠲᠡᠢ ᠃ ᠡᠯ᠎ᠡ ᠴᠠᠬᠢᠯᠭᠠᠨ ᠬᠦᠴᠦᠨ ᠤ ᠠᠵᠤ ᠠᠬᠤᠶᠢᠯᠠᠯ ᠪᠠ ᠴᠢᠬᠤᠯᠠ ᠴᠠᠬᠢᠯᠭᠠᠨ ᠬᠦᠴᠦᠨ ᠤ ᠬᠡᠷᠡᠭᠯᠡᠭᠴᠢᠳ ᠲᠤᠰ ᠠᠵᠤ ᠠᠬᠤᠶᠢᠯᠠᠯ ᠂ ᠲᠤᠰ ᠨᠢᠭᠡᠴᠢ ᠶᠢᠨ ᠢᠶᠠᠨ ᠠᠵᠢᠯᠯᠠᠵᠤ ᠪᠠᠶᠢᠭ᠎ᠠ ᠬᠥᠮᠥᠰ ᠤᠨ ᠠᠶᠤᠯᠭᠦᠢ ᠶᠢᠨ ᠮᠡᠳᠡᠯᠭᠡ ᠂ ᠠᠶᠤᠯᠭᠦᠢ ᠶᠢᠨ ᠤᠷ᠎ᠠ ᠴᠢᠳᠠᠪᠤᠷᠢ ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠪᠣᠯᠪᠠᠰᠤᠷᠠᠭᠤᠯᠤᠯ ᠢ ᠬᠠᠷᠢᠭᠤᠴᠠᠨ ᠵᠣᠬᠢᠶᠠᠨ ᠪᠠᠶᠢᠭᠤᠯᠵᠤ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ ;    ︵3︶ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠥᠬᠦ ᠲᠣᠭᠤᠷᠢᠭ ᠤᠨ ᠶᠡᠷᠦᠩᠬᠡᠶᠢᠯᠡᠭᠰᠡᠨ ᠴᠢᠨᠠᠷᠲᠠᠢ ᠪᠤᠶᠤ ᠲᠤᠰᠬᠠᠢ ᠮᠡᠷᠭᠡᠵᠢᠯ ᠤᠨ ᠴᠢᠨᠠᠷᠲᠠᠢ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ᠎ᠠ᠃ ᠴᠠᠬᠢᠯᠭᠠᠨ ᠬᠦᠴᠦᠨ ᠎ ᠤ ᠠᠵᠤ ᠠᠬᠤᠶᠢᠯᠠᠯ ᠪᠣᠯᠣᠨ ᠴᠢᠬᠤᠯᠠ ᠴᠠᠬᠢᠯᠭᠠᠨ ᠬᠦᠴᠦᠨ ᠎ ᠤ ᠬᠡᠷᠡᠭᠯᠡᠭᠴᠢᠳ ᠲᠣᠭᠲᠠᠮᠠᠯ ᠬᠤᠭᠤᠴᠠᠭ᠎ᠠ ᠲᠠᠢ ᠪᠠᠷ ᠲᠤᠰ ᠠᠵᠤ ᠠᠬᠤᠶᠢᠯᠠᠯ ᠂ ᠲᠤᠰ ᠨᠢᠭᠡᠴᠢ ᠶᠢᠨ ᠢᠶᠠᠨ ᠲᠤᠰᠬᠠᠢ ᠠᠵᠢᠯ ᠎ ᠤᠨ ᠴᠢᠨᠠᠷᠲᠠᠢ ᠥᠷᠭᠡᠨ ᠲᠠᠯᠠᠪᠠᠢ ᠲᠠᠢ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠃    ᠳᠠᠭᠠᠯᠳᠤᠭᠤᠯᠤᠯ᠄    1. ᠶᠤᠸᠠᠨ ᠪᠦᠦ ᠱᠠᠨ ᠲᠣᠭᠤᠷᠢᠭ ᠤᠨ ᠶᠡᠭᠡ ᠲᠠᠯᠠᠪᠠᠶ ᠪᠠᠷ ᠴᠠᠬᠢᠯᠭᠠᠨ ᠵᠣᠭᠰᠣᠭᠰᠠᠨ ᠬᠡᠷᠡᠭ ᠤᠨ ᠲᠠᠰ ᠬᠤᠪᠢᠶᠠᠬᠤ ᠪᠠᠷᠢᠮᠵᠢᠶ᠎ᠠ    2. ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠪᠦᠷᠢᠯᠳᠦᠭᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ    ᠳᠠᠭᠠᠯᠳᠤᠭᠤᠯᠤᠯ 1    ᠶᠤᠸᠠᠨ ᠪᠦᠦ ᠱᠠᠨ ᠲᠣᠭᠤᠷᠢᠭ ᠤᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠳᠡᠰ ᠬᠤᠪᠢᠶᠠᠬᠤ ᠪᠠᠷᠢᠮᠵᠢᠶ᠎ᠠ    ᠨᠢᠭᠡ ᠂ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠴᠢᠬᠤᠯᠠ ᠶᠡᠭᠡ ᠬᠡᠷᠡᠭ    600 ᠰᠠᠶ᠎ᠠ ᠸᠠᠲ ᠠᠴᠠ ᠳᠡᠭᠡᠭᠰᠢᠬᠢ ᠳᠠᠭᠠᠭᠠᠴᠠ ᠶᠢ 60%᠎ ᠠᠴᠠ ᠳᠡᠭᠡᠭᠰᠢ ᠪᠠᠭᠠᠰᠬᠠᠨ᠎ᠠ᠃    ᠬᠤᠶᠠᠷ ᠂ ᠨᠡᠯᠢᠶᠡᠳ ᠶᠡᠭᠡ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ    150 ᠰᠠᠶ᠎ᠠ ᠸᠠᠲ ᠠᠴᠠ ᠳᠡᠭᠡᠭᠰᠢᠬᠢ ᠠᠴᠢᠶ᠎ᠠ ᠶᠢ ᠨᠢ 60%᠎ ᠠᠴᠠ ᠳᠡᠭᠡᠭᠰᠢ ᠪᠠᠭᠠᠰᠬᠠᠬᠤ ᠪᠤᠶᠤ 70%᠎ ᠠᠴᠠ ᠳᠡᠭᠡᠭᠰᠢᠬᠢ ᠴᠠᠬᠢᠯᠭᠠᠨ ᠬᠠᠩᠭᠠᠬᠤ ᠬᠡᠷᠡᠭᠯᠡᠭᠴᠢ ᠶᠢᠨ ᠴᠠᠬᠢᠯᠭᠠᠨ ᠵᠣᠭᠰᠣᠭᠠᠨ᠎ᠠ ᠃    ᠭᠤᠷᠪᠠ ᠂ ᠡᠩ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ    150 ᠰᠠᠶ᠎ᠠ ᠸᠠᠲ ᠠᠴᠠ ᠳᠡᠭᠡᠭᠰᠢᠬᠢ ᠠᠴᠢᠶ᠎ᠠ ᠶᠢ ᠪᠠᠭᠠᠰᠬᠠᠪᠠᠯ 40%᠎ ᠠᠴᠠ ᠳᠡᠭᠡᠭᠰᠢ 60%᠎ ᠠᠴᠠ ᠳᠣᠷᠣᠭᠰᠢ᠂ ᠡᠰᠡᠬᠦᠯ᠎ᠡ 50%᠎ ᠠᠴᠠ ᠳᠡᠭᠡᠭᠰᠢ 70%᠎ ᠠᠴᠠ ᠳᠣᠷᠣᠭᠰᠢᠬᠢ ᠴᠠᠬᠢᠯᠭᠠᠨ ᠬᠠᠩᠭᠠᠬᠤ ᠬᠡᠷᠡᠭᠯᠡᠭᠴᠢᠳ ᠲᠤ ᠴᠠᠬᠢᠯᠭᠠᠨ ᠵᠣᠭᠰᠣᠭᠠᠨ᠎ᠠ︔ ᠳᠠᠭᠠᠭᠠᠴᠠ ᠨᠢ 150 ᠰᠠᠶ᠎ᠠ ᠸᠠᠲ ᠠᠴᠠ ᠳᠣᠷᠣᠭᠰᠢ ᠪᠠᠶᠢᠪᠠᠯ᠂ ᠬᠠᠩᠭᠠᠯᠭ᠎ᠠ ᠶᠢᠨ ᠳᠠᠭᠠᠭᠠᠴᠠ ᠨᠢ 40%᠎ ᠠᠴᠠ ᠳᠡᠭᠡᠭᠰᠢ ᠪᠤᠶᠤ 50%᠎ ᠠᠴᠠ ᠳᠡᠭᠡᠭᠰᠢᠬᠢ ᠴᠠᠬᠢᠯᠭᠠᠨ ᠬᠠᠩᠭᠠᠬᠤ ᠬᠡᠷᠡᠭᠯᠡᠭᠴᠢ ᠶᠢᠨ ᠴᠠᠬᠢᠯᠭᠠᠨ ᠵᠣᠭᠰᠣᠬᠤ ᠶᠢ ᠪᠠᠭᠠᠰᠬᠠᠬᠤ ᠬᠡᠷᠡᠭᠲᠡᠢ᠃    ᠳᠡᠭᠡᠷ᠎ᠡ ᠳᠤᠷᠠᠳᠤᠭᠰᠠᠨ ᠲᠡᠰ ᠬᠤᠪᠢᠶᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠲᠤᠭ᠎ᠠ ᠬᠡᠮᠵᠢᠶ᠎ᠡ ᠶᠢᠨ ᠲᠣᠭᠠᠴᠢᠯᠲᠠ ᠳᠤ ︽ ᠳᠡᠭᠡᠭᠰᠢ ︾ ᠭᠡᠳᠡᠭ ᠲᠤ ᠤᠤᠯ ᠲᠤᠭ᠎ᠠ ᠶᠢ ᠪᠠᠭᠲᠠᠭᠠᠨ᠎ᠠ ᠂ ︽ ᠳᠣᠷᠣᠭᠰᠢ ︾ ᠭᠡᠳᠡᠭ ᠲᠤ ᠤᠤᠯ ᠲᠤᠭ᠎ᠠ ᠶᠢ ᠪᠠᠭᠲᠠᠭᠠᠬᠤ ᠦᠭᠡᠢ ᠃    ᠳᠠᠭᠠᠯᠳᠤᠭᠤᠯᠤᠯ 2    ᠶᠤᠸᠠᠨ ᠪᠦᠦ ᠱᠠᠨ ᠲᠣᠭᠤᠷᠢᠭ ᠤᠨ ᠶᠡᠭᠡ ᠬᠡᠪᠴᠢᠶᠡᠨ ᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ᠂ ᠪᠦᠷᠢᠯᠳᠦᠭᠦᠨ ᠬᠥᠮᠥᠰ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ    ᠨᠢᠭᠡ ᠂ ᠵᠢᠯᠤᠭᠤᠳᠬᠤ ᠭᠠᠵᠠᠷ ᠤᠨ ᠪᠦᠷᠢᠯᠳᠦᠭᠦᠨ    ᠵᠢᠯᠤᠭᠤᠳᠬᠤ ᠳᠠᠷᠤᠭ᠎ᠠ᠄ ᠴᠢᠨ ᠶᠠᠨ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠳᠡᠳ᠋ ᠵᠢᠯᠤᠭᠤᠳᠬᠤ ᠳᠠᠷᠤᠭ᠎ᠠ᠄ ᠮᠠ ᠶᠦᠩ ᠼᠦᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ    ᠿᠧᠨ ᠲᠢᠶᠠᠨ ᠵᠥᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠵᠠᠩ ᠴᠢᠩ ᠯᠢ ᠤᠯᠤᠰ ᠤᠨ ᠴᠠᠬᠢᠯᠭᠠᠨ ᠲᠣᠣᠷ ᠤᠨ ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠢ ᠳᠠᠭᠠᠭᠠᠮᠠᠯ    ᠪᠦᠷᠢᠯᠳᠦᠭᠦᠨ᠄ ᠲᠤᠭᠤᠷᠢᠭ ‍ᠤᠨ‌ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠎ ᠤᠨ ᠲᠣᠪᠴᠢᠶ᠎ᠠ ᠂ ᠠᠵᠤ ᠦᠢᠯᠡᠳᠪᠥᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠂ ᠠᠷᠠᠳ ᠤᠨ ᠶᠠᠪᠤᠳᠠᠯ ᠤᠨ ᠲᠣᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠂ ᠤᠰᠤᠨ ᠠᠰᠢᠭᠯᠠᠯᠲᠠ ᠶᠢᠨ ᠲᠣᠪᠴᠢᠶ᠎ᠠ ᠂ ᠬᠤᠳᠠᠯᠳᠤᠭᠠᠨ ᠎ ᠤ ᠶᠠᠪᠤᠳᠠᠯ ‍ᠤᠨ‌‍ᠲ᠋ᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠂ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠤᠯᠤᠰ ᠤᠨ ᠴᠠᠬᠢᠯᠭᠠᠨ ᠲᠣᠣᠷ ᠤᠨ ᠶᠤᠸᠠᠨ ᠪᠦᠦ ᠱᠠᠨ ᠲᠣᠭᠤᠷᠢᠭ ᠎ ᠤᠨ ᠴᠠᠬᠢᠯᠭᠠᠨ ᠬᠠᠩᠭᠠᠬᠤ ᠺᠣᠮᠫᠠᠨᠢ ᠂ ᠶᠤᠸᠠᠨ ᠪᠦᠦ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠤᠪᠢᠳᠠᠨ ᠬᠠᠮᠢᠶᠠᠷᠬᠤ ᠪᠦᠬᠦᠢ ᠬᠠᠷᠢᠭᠤᠴᠠᠯᠭᠠᠲᠠᠨ ᠨᠥᠬᠦᠳ ᠃ ᠠᠷᠭᠠᠴᠠᠨ ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠢ ᠨᠡᠮᠡᠵᠦ ᠪᠣᠯᠣᠨ᠎ᠠ᠃    ᠵᠢᠯᠤᠭᠤᠳᠬᠤ ᠭᠠᠵᠠᠷ ᠤᠨ ᠠᠯᠪᠠᠨ ᠭᠡᠷ ᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠿᠧᠨ ᠲᠢᠶᠠᠨ ᠵᠥᠩ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠬᠤᠸᠠᠩ ᠵᠢᠶᠠᠨ ᠵᠢᠶᠦ᠋ᠨ ᠬᠠᠪᠰᠤᠷᠭᠠᠨ ᠬᠠᠷᠢᠭᠤᠴᠠᠨ᠎ᠠ᠃ ᠬᠤᠸᠠᠩ ᠵᠢᠶᠠᠨ ᠵᠢᠶᠦ᠋ᠨ ᠨᠥᠬᠦᠷ ᠲᠤᠭᠤᠷᠢᠭ ᠤᠨ ᠥᠷᠭᠡᠨ ᠲᠠᠯᠠᠪᠠᠢ ᠳᠤ ᠴᠠᠬᠢᠯᠭᠠᠨ ᠵᠣᠭᠰᠣᠭᠰᠠᠨ ᠬᠡᠷᠡᠭ ᠢ ᠪᠣᠳᠠᠲᠠᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ ᠃    ᠬᠤᠶᠠᠷ ᠂ ᠵᠢᠯᠤᠭᠤᠳᠬᠤ ᠭᠠᠵᠠᠷ ᠤᠨ ᠭᠤᠣᠯ ᠡᠭᠦᠷᠭᠡ ᠬᠠᠷᠢᠭᠤᠴᠠᠯᠭ᠎ᠠ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠲᠤᠭᠤᠷᠢᠭ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠠᠳᠡᠯ ᠠᠴᠠ ᠠᠪᠤᠷᠠᠬᠤ᠂ ᠴᠠᠬᠢᠯᠭᠠᠨ ᠤ ᠲᠣᠣᠷ ᠢ ᠰᠡᠷᠭᠦᠭᠡᠬᠦ ᠵᠡᠷᠭᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠭᠡᠳᠦᠯᠲᠡᠢ ᠬᠡᠷᠡᠭᠵᠢᠭᠦᠯᠦᠨ᠎ᠡ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠶᠢᠨ ᠬᠤᠭᠤᠷᠣᠨᠳᠣᠬᠢ ᠬᠠᠷᠢᠴᠠᠭ᠎ᠠ ᠶᠢ ᠵᠣᠬᠢᠴᠠᠭᠤᠯᠵᠤ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠪᠠᠴᠢᠮ ᠪᠠᠶᠢᠳᠠᠯ ᠢ ᠠᠷᠭᠠᠴᠠᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠪᠠᠶᠢᠷᠢᠯᠠᠭᠤᠯᠤᠯᠲᠠ ᠶᠢ ᠰᠤᠳᠤᠯᠤᠨ᠎ᠠ ᠃ ᠵᠣᠬᠢᠴᠠᠩᠭᠤᠢ ᠪᠠᠴᠢᠮ ᠪᠠᠶᠢᠳᠠᠯ ᠤᠨ ᠠᠷᠭᠠᠴᠠᠭᠠᠯᠲᠠ ᠤᠨ ᠲᠠᠰ ᠲᠤ ᠲᠣᠬᠢᠷᠠᠭᠤᠯᠤᠯᠲᠠ ᠬᠢᠬᠦ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠭᠤᠰᠬᠠᠬᠤ ᠪᠠᠷ ᠲᠣᠭᠲᠠᠪᠠ︔ ᠬᠤᠲᠠ ᠶᠢᠨ ᠶᠡᠭᠡ ᠬᠡᠪᠴᠢᠶᠡᠨ ᠤ ᠴᠠᠬᠢᠯᠭᠠᠨ ᠵᠣᠭᠰᠣᠭᠰᠠᠨ ᠢ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠠᠮᠵᠢᠯᠴᠠᠨ᠎ᠠ᠃    ᠭᠤᠷᠪᠠ ᠂ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ    ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠲᠠᠢ ᠬᠠᠮᠲᠤᠷᠠᠨ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠮᠡᠳᠡᠭᠡ ᠵᠠᠩᠭᠢ ᠨᠡᠶᠢᠲᠡᠯᠡᠬᠦ ᠪᠠ ᠵᠠᠭᠤᠴᠢᠯᠠᠭᠤᠷ ᠤᠨ ᠮᠡᠳᠡᠭᠡᠯᠡᠯ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ᠂ ᠮᠡᠳᠡᠭᠡ ᠵᠠᠩᠭᠢ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠨ᠎ᠡ᠃    ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠄ ᠪᠥᠬᠦ ᠲᠤᠭᠤᠷᠢᠭ ‍ᠤᠨ‌‍ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠢᠯᠯᠠᠭᠠᠨ ᠪᠠ ᠴᠠᠬᠢᠯᠭᠠᠨ ᠲᠣᠣᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠬᠤᠯᠪᠣᠭᠳᠠᠯ ᠪᠦᠬᠦᠢ ᠨᠢᠭᠡᠴᠢ ︵ ᠠᠵᠤ ᠠᠬᠤᠶᠢᠯᠠᠯ︶ ᠪᠣᠯᠣᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠳ ᠴᠠᠬᠢᠯᠭᠠᠨ ᠬᠠᠩᠭᠠᠬᠤ ᠶᠢ ᠰᠡᠷᠭᠦᠭᠡᠬᠦ ᠲᠥᠰᠥᠯ ᠢ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠴᠠᠬᠢᠯᠭᠠᠨ ᠬᠦᠴᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃  ᠲᠣᠭᠤᠷᠢᠭ ᠤᠨ ᠶᠡᠭᠡ ᠬᠡᠪᠴᠢᠶᠡᠨ ᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠰᠢᠯᠵᠢᠭᠦᠯᠦᠨ ᠭᠠᠷᠭᠠᠬᠤ ᠶᠢ ᠲᠠᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠡᠢ᠃    ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷᠠᠬᠢ ᠭᠤᠣᠯᠳᠠᠯᠭ᠎ᠠ ᠲᠠᠢ ᠣᠷᠣᠨ ᠪᠠᠶᠢᠷᠢ᠂ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠬᠠᠮᠠᠭᠠᠯᠠᠯᠲᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠵᠡᠷᠭᠡ ᠠᠵᠢᠯ ᠢ ᠪᠠᠲᠤᠯᠠᠬᠤ ᠶᠢ ᠬᠠᠷᠢᠭᠤᠴᠠᠨ᠎ᠠ︔ ᠡ᠊ᠨᠳᠡᠯ ᠤᠨ ᠲᠤᠬᠠᠢ ᠶᠢᠨ ᠲᠠᠯᠠᠪᠤᠷ ᠤᠨ ᠠᠶᠤᠯ ᠠᠴᠠ ᠠᠪᠤᠷᠠᠬᠤ ᠭᠠᠳᠠᠷ ᠲᠠᠯ᠎ᠠ ᠶᠢᠨ ᠠᠮᠤᠷ ᠲᠦᠪᠰᠢᠨ ᠤ ᠡᠮᠬᠢ ᠵᠢᠷᠤᠮ ᠢ ᠬᠠᠮᠠᠭᠠᠯᠠᠬᠤ ᠶᠢ ᠬᠠᠷᠢᠭᠤᠴᠠᠵᠤ ᠂ ᠠᠶᠤᠯᠲᠠᠢ ᠭᠠᠵᠠᠷ ᠲᠤ ᠪᠠᠶᠢᠭ᠎ᠠ ᠬᠥᠮᠥᠰ ᠢ ᠲᠠᠷᠬᠠᠭᠠᠵᠤ ᠂ ᠠᠮᠤᠷ ᠲᠦᠪᠰᠢᠨ ᠤ ᠬᠡᠷᠡᠭ ᠢ ᠰᠡᠷᠭᠡᠶᠢᠯᠡᠨ᠎ᠡ ; ᠠᠪᠤᠷᠠᠨ ᠲᠤᠰᠠᠯᠠᠬᠤ ᠡᠳ᠋ ᠪᠣᠳᠠᠰ ᠵᠢᠴᠢ ᠬᠥᠮᠥᠰ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢ ᠬᠠᠷᠢᠭᠤᠴᠠᠵᠤ ᠂ ᠴᠢᠬᠤᠯᠠᠲᠠᠢ ᠦᠶ᠎ᠡ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ ; ᠨᠡᠶᠢᠭᠡᠮ ᠤᠨ ᠲᠣᠭᠲᠠᠭᠤᠨ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ ᠃    ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠄ ᠨᠥᠬᠦᠴᠡᠯ ᠳᠤ ᠨᠡᠶᠢᠴᠡᠬᠦ ᠬᠡᠷᠡᠭ ᠲᠤ ᠨᠥᠯᠥᠭᠡᠯᠡᠭᠳᠡᠭᠰᠡᠨ ᠣᠯᠠᠨ ᠲᠦᠮᠡᠨ ᠳᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠬᠡᠷᠡᠭᠵᠢᠭᠦᠯᠵᠦ᠂ ᠦᠬᠦᠵᠦ ᠰᠢᠷᠬᠠᠲᠤᠭᠰᠠᠳ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃    ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠢ ᠰᠢᠢᠳᠪᠦᠷᠢᠯᠡᠬᠦ ᠠᠵᠢᠯ ᠳᠤ ᠴᠢᠬᠤᠯᠠ ᠪᠦᠬᠦᠢ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃    ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠲᠤᠭᠤᠷᠢᠭ ᠤᠨ ᠳᠣᠲᠣᠷᠠᠬᠢ ᠡᠯ᠎ᠡ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ᠂ ᠲᠡᠮᠦᠷ ᠰᠤᠪᠤᠷᠭ᠎ᠠ ᠺᠣᠮᠫᠠᠨᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃    ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠄ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠ ᠳᠠᠭᠠᠭᠤᠯᠢ ᠣᠳᠣᠨ ᠤ ᠶᠡᠷᠦᠩᠬᠡᠶᠢᠯᠡᠭᠰᠡᠨ ᠪᠠᠶᠢᠷᠢ ᠲᠣᠭᠲᠠᠭᠠᠯᠲᠠ ᠶᠢᠨ ᠰᠠᠭᠤᠷᠢ ᠦᠢᠯᠡᠴᠢᠯᠡᠭᠡᠨ ᠢ ᠬᠠᠷᠢᠭᠤᠴᠠᠨ ᠬᠠᠩᠭᠠᠵᠤ᠂ ᠴᠠᠬᠢᠯᠭᠠᠨ ᠵᠣᠭᠰᠣᠭᠰᠠᠨ ᠣᠷᠣᠨ ᠤ ᠭᠠᠵᠠᠷ ᠤᠨ ᠵᠢᠷᠤᠭ ᠤᠨ ᠮᠠᠲ᠋ᠧᠷᠢᠶᠠᠯ ᠪᠠ ᠰᠠᠭᠤᠷᠢ ᠬᠡᠮᠵᠢᠨ ᠵᠢᠷᠤᠭᠯᠠᠯᠲᠠ ᠶᠢᠨ ᠦᠷ᠎ᠡ ᠪᠦᠲᠦᠭᠡᠯ ᠢ ᠬᠠᠩᠭᠠᠵᠤ᠂ ᠣᠷᠣᠨ ᠵᠠᠢ ᠶᠢᠨ ᠪᠠᠶᠢᠷᠢ ᠲᠣᠭᠲᠠᠭᠠᠯᠲᠠ ᠶᠢᠨ ᠮᠡᠷᠭᠡᠵᠢᠯ᠂ ᠰᠢᠯᠵᠢᠮᠡᠯ ᠦᠵᠦᠭᠦᠷ ᠤᠨ ᠠᠶᠠᠯᠠᠯ ᠵᠠᠯᠠᠬᠤ ᠪᠠ ᠡᠯᠧᠺᠲᠷᠣᠨ ᠭᠠᠵᠠᠷ ᠤᠨ ᠵᠢᠷᠤᠭ ᠤᠨ ᠦᠢᠯᠡᠴᠢᠯᠡᠭᠡᠨ ᠢ ᠬᠠᠩᠭᠠᠵᠤ᠂ ᠡᠯ᠎ᠡ ᠲᠥᠷᠥᠯ ᠤᠨ ᠠᠯᠤᠰ ᠰᠡᠷᠡᠯ ᠤᠨ ᠪᠠ ᠵᠢᠯᠣᠭᠤᠴᠢ ᠦᠭᠡᠢ ᠨᠢᠰᠬᠡᠯ ᠤᠨ ᠬᠡᠷᠡᠯ ᠵᠢᠷᠤᠭ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠵᠡᠷᠭᠡ ᠦᠢᠯᠡᠴᠢᠯᠡᠭᠡᠨ ᠢ ᠬᠠᠩᠭᠠᠨ᠎ᠠ᠃ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠭᠠᠵᠠᠷ ᠤᠨ ᠭᠠᠵᠠᠷ ᠤᠨ ᠭᠠᠢ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠬᠦ ᠶᠢ ᠰᠠᠶᠢᠲᠤᠷ ᠬᠢᠬᠦ ᠶᠢ ᠬᠠᠷᠢᠭᠤᠴᠠᠨ᠎ᠠ᠃    ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠠᠳᠡᠯ ᠤᠨ ᠲᠤᠬᠠᠢ ᠶᠢᠨ ᠲᠠᠯᠠᠪᠠᠶ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠯᠲᠡ ᠶᠢ ᠬᠠᠷᠢᠭᠤᠴᠠᠵᠤ᠂ ᠲᠦᠭᠰᠢᠭᠦᠷᠢ ᠶᠡᠬᠡᠲᠡᠢ ᠠᠵᠤ ᠠᠬᠤᠶᠢᠯᠠᠯ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠬᠤ ᠲᠤᠭᠲᠠᠴᠠ ᠶᠢ ᠪᠠᠶᠢᠭᠤᠯᠤᠨ᠎ᠠ᠃    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠶᠢᠨ ᠤᠰᠤ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠬᠤᠲᠠ ᠶᠢᠨ ᠶᠠᠪᠤᠳᠠᠯ ᠤᠨ ᠭᠡᠷᠡᠯᠲᠦᠭᠦᠯᠭᠡ᠂ ᠪᠣᠬᠢᠷ ᠤᠰᠤ ᠶᠢ ᠰᠢᠢᠳᠪᠦᠷᠢᠯᠡᠬᠦ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠵᠡᠷᠭᠡ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠠᠵᠢᠯᠯᠠᠭᠠᠨ ᠢ ᠰᠡᠷᠭᠦᠭᠡᠬᠦ ᠠᠵᠢᠯ ᠢ ᠵᠣᠬᠢᠴᠠᠭᠤᠯᠬᠤ ᠪᠠ ᠵᠢᠯᠤᠭᠤᠳᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠨ᠎ᠠ᠃ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠳ᠋ ᠪᠣᠳᠠᠰ ᠢ ᠲᠤᠬᠢᠷᠠᠭᠤᠯᠤᠨ᠎ᠠ᠃     ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠡᠳ᠋ ᠪᠠᠷᠠᠭᠠᠨ ᠤ ᠲᠡᠭᠡᠭᠡᠪᠦᠷᠢ ᠶᠢᠨ ᠪᠠᠲᠤᠯᠠᠭ᠎ᠠ ᠶᠢ ᠨᠠᠶᠢᠳᠠᠪᠤᠷᠢᠭᠤᠯᠠᠨ᠎ᠠ᠃    ᠲᠤᠭᠤᠷᠢᠭ ‍ᠤᠨ‌ᠤᠰᠤᠨ ᠠᠰᠢᠭᠯᠠᠯᠲᠠ ᠶᠢᠨ ᠲᠣᠪᠴᠢᠶ᠎ᠠ᠄ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠣᠷᠣᠨ ᠤ ᠤᠰᠤᠨ ᠵᠦᠢ ᠶᠢᠨ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠬᠤ ᠶᠢ ᠬᠠᠷᠢᠭᠤᠴᠠᠨ᠎ᠠ᠃ᠤᠰᠤ ᠬᠠᠩᠭᠠᠬᠤ ᠡᠬᠢ ᠪᠠᠶᠠᠯᠢᠭ ᠤᠨ ᠪᠠᠲᠤᠯᠠᠭ᠎ᠠ ᠶᠢ ᠵᠣᠬᠢᠴᠠᠭᠤᠯᠤᠨ᠎ᠠ ᠃    ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠮᠴᠢᠯᠡᠭᠡᠨ ᠤ ᠪᠠᠶᠢᠭᠤᠯᠤᠮᠵᠢ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃    ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠭᠤᠣᠯ ᠪᠣᠯᠬᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠢ ᠬᠢᠨᠠᠨ ᠬᠡᠮᠵᠢᠬᠦ ᠪᠠ ᠬᠠᠩᠭᠠᠬᠤ ᠵᠢ‌‍ᠲ᠋ᠣᠰᠣᠨ ᠤ ᠵᠦᠢᠯ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠳ᠋ ᠪᠣᠳᠠᠰ ᠢ ᠲᠣᠬᠢᠷᠠᠭᠤᠯᠤᠨ ᠲᠣᠬᠢᠷᠠᠭᠤᠯᠬᠤ ᠶᠢ ᠵᠣᠬᠢᠴᠠᠭᠤᠯᠤᠨ᠎ᠠ ᠃    ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠄ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠦᠨᠳᠦ᠂ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠣᠷᠣᠯᠴᠠᠭᠤᠯᠤᠨ᠎ᠠ᠃ ᠭᠠᠵᠠᠷ ᠬᠥᠳᠡᠯᠦᠯᠲᠡ ᠶᠢᠨ ᠪᠠᠶᠢᠳᠠᠯ ᠢ ᠮᠥᠷᠳᠡᠨ ᠬᠢᠨᠠᠬᠤ ᠠᠵᠢᠯ ᠢ ᠬᠠᠷᠢᠭᠤᠴᠠᠵᠤ ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠨᠠᠪᠲᠠᠷᠡᠭᠦᠯᠵᠦ ᠂ ᠲᠤᠬᠠᠢ ᠶᠢᠨ ᠲᠠᠯᠠᠪᠠᠢ ᠶᠢᠨ ᠭᠠᠵᠠᠷ ᠬᠥᠳᠡᠯᠦᠯᠲᠡ ᠶᠢᠨ ᠭᠠᠮᠰᠢᠭ ᠢ ᠪᠠᠶᠢᠴᠠᠭᠠᠬᠤ ᠪᠠ ᠦᠨᠡᠯᠡᠨ ᠵᠢᠱᠢᠬᠦ ᠵᠡᠷᠭᠡ ᠠᠵᠢᠯ ᠢ ᠥᠷᠨᠢᠭᠦᠯᠦᠨ᠎ᠡ ᠃ ᠨᠡᠭᠦᠷᠡᠰᠦ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠳ᠋ ᠪᠠᠷᠠᠭ᠎ᠠ ᠶᠢ ᠲᠣᠬᠢᠷᠠᠭᠤᠯᠤᠨ ᠲᠣᠬᠢᠷᠠᠭᠤᠯᠬᠤ ᠶᠢ ᠵᠣᠬᠢᠴᠠᠭᠤᠯᠤᠨ᠎ᠠ ᠃ ᠲᠣᠭᠤᠷᠢᠭ ᠤᠨ  ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠰᠢᠯᠵᠢᠭᠦᠯᠦᠨ ᠭᠠᠷᠭᠠᠬᠤ ᠶᠢ ᠲᠠᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠡᠢ᠃    ᠲᠤᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠄ ᠴᠠᠬᠢᠯᠭᠠᠨ ᠬᠦᠴᠦᠨ ᠤ ᠱᠤᠭᠤᠮ ᠤᠨ ᠬᠠᠮᠠᠭᠠᠯᠠᠯᠲᠠ ᠶᠢᠨ ᠣᠷᠣᠨ ᠳᠤ ᠴᠠᠬᠢᠯᠭᠠᠨ ᠬᠦᠴᠦᠨ ᠤ ᠪᠡᠯᠡᠳᠬᠡᠮᠵᠢ ᠶᠢᠨ ᠠᠶᠤᠯ ᠦᠭᠡᠢ ᠳᠤ ᠬᠥᠨᠥᠭᠡᠯ ᠤᠴᠠᠷᠠᠭᠤᠯᠬᠤ ᠤᠷᠭᠤᠮᠠᠯ ᠳᠠᠷᠢᠬᠤ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠠᠳᠡᠯ ᠭᠠᠷᠤᠭᠰᠠᠨ ᠣᠷᠣᠨ ᠤ ᠳᠣᠲᠣᠷᠠᠬᠢ ᠣᠶ ᠮᠣᠳᠣ ᠶᠢ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃    ᠲᠤᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠄ ᠭᠠᠯ ᠤᠨᠲᠠᠷᠠᠭᠠᠵᠤ ᠠᠪᠤᠷᠠᠨ ᠲᠤᠰᠠᠯᠠᠬᠤ ᠂ ᠭᠠᠯ ᠤᠨ ᠠᠶᠤᠯ ᠤᠨ ᠲᠦᠭᠰᠢᠭᠦᠷᠢᠲᠦ ᠪᠠᠶᠢᠳᠠᠯ ᠎ ᠢ ᠡᠵᠡᠮᠳᠡᠬᠦ ᠪᠠ ᠠᠷᠢᠯᠭᠠᠬᠤ ᠵᠡᠷᠭᠡ ᠲᠤᠰᠬᠠᠢ ᠠᠵᠢᠯ ᠢ ᠬᠠᠷᠢᠭᠤᠴᠠᠨ᠎ᠠ ᠃    ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠄ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠲᠥᠰᠥᠭᠡᠯᠡᠬᠦ ᠶᠢ ᠬᠠᠷᠢᠭᠤᠴᠠᠵᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠵᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠲᠠᠢ ᠬᠠᠮᠵᠢᠯᠴᠠᠨ ᠴᠠᠭ ᠠᠭᠤᠷ ᠤᠨ ᠭᠠᠮᠰᠢᠭ ᠎ ᠠᠴᠠ ᠪᠣᠯᠤᠭᠰᠠᠨ ᠠᠳᠡᠯ ᠤᠨ ᠭᠠᠮᠰᠢᠭ ᠢ ᠪᠠᠶᠢᠴᠠᠭᠠᠬᠤ᠂ ᠦᠨᠡᠯᠡᠨ ᠵᠢᠱᠢᠬᠦ ᠵᠢᠴᠢ ᠴᠠᠭ ᠠᠭᠤᠷ ᠤᠨ ᠵᠠᠳᠠᠯᠤᠯᠲᠠ ᠬᠢᠬᠦ ᠵᠡᠷᠭᠡ ᠠᠵᠢᠯ ᠢ ᠥᠷᠨᠢᠭᠦᠯᠦᠨ᠎ᠡ᠃    ᠲᠤᠭᠤᠷᠢᠭ ᠤᠨ ᠴᠠᠬᠢᠯᠭᠠᠨ ᠲᠣᠣᠷ ᠤᠨ ᠶᠤᠸᠠᠨ ᠪᠦᠦ ᠱᠠᠨ ᠲᠣᠭᠤᠷᠢᠭ ᠤᠨ ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠤ ᠲᠣᠣᠷ ᠤᠨ ᠠᠵᠢᠯᠯᠠᠭᠠᠨ ᠤ ᠪᠠᠶᠢᠳᠠᠯ ᠢ ᠬᠢᠨᠠᠨ ᠡᠵᠡᠮᠳᠡᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠬᠡᠮ ᠰᠣᠭᠤᠭ ᠢ ᠵᠠᠳᠠᠯᠬᠤ ᠪᠠ ᠰᠤᠳᠤᠯᠤᠨ ᠮᠠᠭᠠᠳᠯᠠᠬᠤ ᠶᠢ ᠬᠠᠷᠢᠭᠤᠴᠠᠨ᠎ᠠ︔ ᠴᠠᠬᠢᠯᠭᠠᠨ ᠤ ᠲᠣᠣᠷ ᠤᠨ ᠡ᠊ᠨᠳᠡᠯ ᠢ ᠰᠢᠢᠳᠪᠦᠷᠢᠯᠡᠬᠦ ᠠᠵᠢᠯ ᠢ ᠵᠢᠯᠤᠭᠤᠳᠴᠤ ᠂ ᠡ᠊ᠨᠳᠡᠯ ᠤᠨ ᠬᠡᠪᠴᠢᠶ᠎ᠡ ᠶᠢ ᠬᠢᠵᠠᠭᠠᠷᠯᠠᠵᠤ ᠂ ᠡ᠊ᠨᠳᠡᠯ ᠤᠨ ᠤᠯᠠᠮ ᠨᠢᠭᠡ ᠠᠯᠬᠤᠮ ᠥᠷᠭᠡᠳᠬᠦ ᠶᠢ ᠰᠡᠷᠭᠡᠶᠢᠯᠡᠬᠦ ᠬᠡᠷᠡᠭᠲᠡᠢ ; ᠭᠤᠣᠯᠳᠠᠯᠭ᠎ᠠ ᠲᠠᠢ ᠭᠠᠵᠠᠷ ᠣᠷᠣᠨ ᠂ ᠴᠢᠬᠤᠯᠠ ᠠᠴᠢᠶ᠎ᠠ ᠂ ᠴᠢᠬᠤᠯᠠ ᠡᠷᠦᠭᠡ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠨ᠎ᠠ ; ᠴᠠᠬᠢᠯᠭᠠᠨ ᠬᠦᠴᠦᠨ ᠤ ᠵᠠᠪᠳᠤᠨ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ ᠂ ᠴᠠᠬᠢᠯᠭᠠᠨ ᠬᠦᠴᠦᠨ ᠤ ᠪᠠᠴᠢᠮ ᠪᠠᠶᠢᠳᠠᠯ ᠎ ᠢ ᠠᠷᠭᠠᠴᠠᠬᠤ ᠪᠠᠷᠠᠭ᠎ᠠ ᠶᠢ ᠰᠢᠯᠵᠢᠭᠦᠯᠦᠨ ᠴᠤᠭᠯᠠᠭᠤᠯᠵᠤ ᠂ ᠴᠠᠬᠢᠯᠭᠠᠨ ᠲᠣᠣᠷ ᠤᠨ ᠪᠠᠴᠢᠮ ᠪᠠᠶᠢᠳᠠᠯ ᠎ ᠢ ᠠᠷᠭᠠᠴᠠᠵᠤ ᠵᠠᠪᠳᠤᠨ ᠵᠠᠰᠠᠬᠤ ᠠᠵᠢᠯ ᠢ ᠥᠷᠨᠢᠭᠦᠯᠦᠨ ᠂ ᠴᠠᠬᠢᠯᠭᠠᠨ ᠬᠦᠴᠦᠨ ᠎ ᠤ ᠬᠠᠩᠭᠠᠯᠭ᠎ᠠ ᠶᠢ ᠴᠠᠭ ᠲᠤᠬᠠᠢ ᠎ ᠳᠤᠨᠢ ᠰᠡᠷᠭᠦᠭᠡᠬᠦ ᠬᠡᠷᠡᠭᠲᠡᠢ ᠃ ᠴᠠᠬᠢᠯᠭᠠᠨ ᠲᠣᠣᠷ ᠂ ᠴᠠᠬᠢᠯᠭᠠᠨ ᠦᠢᠯᠡᠳᠪᠦᠷᠢ ᠂ ᠵᠣᠴᠢᠨ ᠡᠷᠦᠭᠡ ᠶᠢᠨ ᠬᠤᠭᠤᠷᠣᠨᠳᠣᠬᠢ ᠴᠠᠬᠢᠯᠭᠠᠨ ᠬᠠᠩᠭᠠᠯᠭ᠎ᠠ ᠶᠢᠨ ᠰᠡᠷᠭᠦᠭᠡᠯᠲᠡ ᠶᠢ ᠵᠣᠬᠢᠴᠠᠭᠤᠯᠵᠤ ᠂ ᠴᠠᠬᠢᠯᠭᠠᠨ ᠲᠣᠣᠷ ᠤᠨ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠃    ᠬᠠᠮᠢᠶ᠎ᠠ ᠪᠦᠬᠦᠢ ᠴᠠᠬᠢᠯᠭᠠᠨ ᠭᠠᠷᠭᠠᠬᠤ ᠠᠵᠤ ᠠᠬᠤᠶᠢᠯᠠᠯ᠄ ᠲᠣᠰ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷᠠᠬᠢ ᠦᠢᠯᠡᠳᠪᠦᠷᠢᠯᠡᠯ ᠤᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠬᠠᠷᠢᠭᠤᠴᠠᠵᠤ᠂ ︽ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠶᠢ ᠪᠠᠲᠤᠯᠠᠬᠤ︾ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠮᠠᠰᠢᠨ ᠴᠣᠭᠴᠠᠯᠠᠪᠤᠷᠢ ᠶᠢᠨ ᠬᠥᠳᠡᠯᠭᠡᠬᠦ ᠴᠢᠳᠠᠪᠤᠷᠢ ᠪᠠ ᠠᠵᠢᠯᠯᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ᠭᠠᠷᠤᠭᠰᠠᠨ ᠎ ᠤ ᠲᠠᠷᠠᠭ᠎ᠠ ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠎ ᠶᠢᠨ ᠬᠠᠩᠭᠠᠯᠭ᠎ᠠ ᠶᠢ ᠰᠠᠶᠢᠲᠤᠷ ᠬᠢᠵᠦ ᠂ ᠮᠠᠰᠢᠨ ᠴᠣᠭᠴᠠᠯᠠᠪᠤᠷᠢ ᠎ ᠶᠢᠨ ᠲᠣᠣᠷ ᠨᠡᠶᠢᠯᠡᠭᠦᠯᠦᠨ ᠠᠵᠢᠯᠯᠠᠭᠤᠯᠬᠤ ᠪᠠ ᠬᠦᠴᠦ ᠭᠠᠷᠭᠠᠬᠤ ᠶᠢ ᠴᠠᠭ ᠲᠤᠬᠠᠢ ᠎ ᠳᠤᠨᠢ ᠰᠡᠷᠭᠦᠭᠡᠵᠦ ᠂ ᠭᠠᠵᠠᠷ ᠣᠷᠣᠨ ᠤ ᠴᠠᠬᠢᠯᠭᠠᠨ ᠎ ᠤ ᠲᠣᠣᠷ ᠎ ᠤᠨ ᠴᠠᠬᠢᠯᠭᠠᠨ ᠬᠠᠩᠭᠠᠯᠭ᠎ᠠ ᠶᠢ ᠰᠡᠷᠭᠦᠭᠡᠬᠦ ᠪᠠ ᠲᠣᠭᠲᠠᠭᠤᠨ ᠢᠶᠠᠷ ᠠᠵᠢᠯᠯᠠᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠃              ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ             ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2023             ᠣᠨ ᠤ 1 ᠰᠠᠷ᠎ᠠ ᠶᠢᠨ 19᠎ ᠤ ᠡᠳᠦᠷ ᠳᠠᠷᠤᠮᠠᠯᠯᠠᠨ ᠲᠠᠷᠬᠠᠭᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1