2022 ᠣᠨ ᠤ ᠪᠥᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/1/31
    2022 ᠣᠨ ᠳᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠤᠯᠤᠰ ᠤᠨ ᠳᠣᠲᠣᠭᠠᠳᠤ  ᠪᠠ ᠳᠡᠯᠡᠬᠡᠢ ᠶᠢᠨ ᠶᠡᠭᠡ ᠣᠷᠴᠢᠨ ᠲᠣᠭᠤᠷᠢᠨ ᠤ ᠨᠥᠯᠥᠭᠡᠯᠡᠯ ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠵᠠᠷᠢᠮ ᠳᠠᠭᠠᠷᠢᠯᠲᠠ ᠳᠤ ᠤᠴᠠᠷᠠᠪᠠ ᠃    ᠭᠡᠪᠡᠴᠦ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠳᠣᠣᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ︽ᠭᠤᠷᠪᠠᠨ ᠳᠠᠪᠬᠤᠷ ᠳᠠᠷᠤᠯᠲᠠ︾ ᠪᠠ ᠣᠯᠠᠨ ᠤᠯᠤᠰ ᠤᠨ ᠡᠨᠧᠷᠭᠢ ᠶᠢᠨ ᠦᠨ᠎ᠡ ᠬᠠᠩᠰᠢ ᠥᠰᠬᠦ᠂ ᠵᠣᠭᠤᠰ ᠮᠠᠭᠤᠳᠠᠬᠤ ᠵᠡᠷᠭᠡ ᠨᠠᠵᠠᠭᠠᠢ ᠨᠥᠯᠥᠭᠡ ᠎ ᠶᠢ ᠢᠳᠡᠪᠬᠢᠲᠡᠢ  ᠎ ᠪᠠᠷ ᠠᠷᠭᠠᠴᠠᠭᠰᠠᠨ ᠠᠴᠠ ᠂ ᠪᠥᠬᠦ ᠲᠣᠭᠤᠷᠢᠭ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠲᠣᠭᠲᠠᠭᠤᠨ ᠪᠠᠶᠢᠳᠠᠯ ᠢᠯᠡᠷᠡᠭᠦᠯᠪᠡ᠃    ᠨᠢᠭᠡᠳᠤᠭᠡᠷ ᠲᠤ᠂ ᠭᠤᠣᠯ ᠪᠣᠯᠬᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ2022 ᠣᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠨᠢ 207.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2%᠎ ᠎ ᠪᠠᠷ ᠨᠡᠮᠡᠭᠳᠡᠪᠡ᠂ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠎ ᠨᠢ 28.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6%᠎  ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ 108.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠎ ᠨᠢ 70.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ3.0% ᠳᠡᠭᠡᠭᠰᠢᠯᠡᠭᠦᠯᠪᠡ᠃    GDP᠎ ᠶᠢᠨ ᠨᠡᠮᠡᠭᠳᠡᠯ 1.2 ᠵᠠᠭᠤᠨ ᠤ ᠨᠢᠭᠡᠴᠢ ᠶᠢᠨ ᠳᠣᠲᠣᠷ᠎ᠠ᠂ ᠨᠢᠭᠡᠳᠦᠭᠡᠷ ᠠᠵᠤ ᠦᠢᠯᠡᠰ ᠳᠡᠭᠡᠭᠰᠢᠯᠡᠬᠦ ᠳᠤ 0.46 ᠵᠠᠭᠤᠨ ᠤ ᠨᠢᠭᠡᠴᠢ᠂ ᠬᠤᠶᠠᠳᠤᠭᠠᠷ ᠠᠵᠤ ᠦᠢᠯᠡᠰ ᠳᠡᠭᠡᠭᠰᠢᠯᠡᠬᠦ ᠳᠤ 0.42 ᠵᠠᠭᠤᠨ ᠤ ᠨᠢᠭᠡᠴᠢ᠂ ᠭᠤᠷᠪᠠᠳᠤᠭᠠᠷ ᠠᠵᠤ ᠦᠢᠯᠡᠰ ᠳᠡᠭᠡᠭᠰᠢᠯᠡᠬᠦ ᠳᠤ 1.16 ᠵᠠᠭᠤᠨ ᠤ ᠨᠢᠭᠡᠴᠢ᠂ ᠭᠤᠷᠪᠠᠳᠤᠭᠠᠷ ᠤᠳᠠᠭᠠᠨ ᠤ ᠠᠵᠤ ᠦᠢᠯᠡᠰ ᠤᠨ ᠪᠦᠲᠦᠴᠡ ᠎ ᠨᠢ ᠲᠦᠷᠦᠭᠦᠦ ᠵᠢᠯ ᠤᠨ12.8:52.8:34.4ᠪᠠᠶᠢᠭᠰᠠᠨ‌ᠡᠴᠠ ᠪᠠᠨ13.8:52.3:33.9 ᠪᠣᠯᠵᠤ ᠬᠤᠪᠢᠷᠠᠵᠠᠢ᠃    2022 ᠣᠨ ᠳᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠎ ᠨᠢ 64.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.3%  ᠨᠡᠮᠡᠭᠳᠡᠵᠦ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 41.7 ᠳ᠋ᠦᠩᠰᠢᠭᠤᠷ ᠲᠥᠭᠦᠷᠢᠭ ᠎ ᠲᠤ ᠬᠦᠷᠴᠦ ᠂ 0.7%᠎ ᠪᠠᠷ ᠨᠡᠮᠡᠭᠳᠡᠪᠡ ᠂ ᠲᠣᠭᠲᠠᠭᠠᠯ ᠳᠠᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠎ ᠨᠢ 235.7 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠎ ᠬᠢ ᠠᠴᠠ 8.8% ᠨᠡᠮᠡᠭᠳᠡᠵᠦ ᠂ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 0.1% ᠨᠡᠮᠡᠭᠳᠡᠪᠡ ᠂ ᠡᠩ ᠤᠨ ᠲᠥᠰᠥᠪ ᠤᠨ ᠣᠷᠣᠯᠭ᠎ᠠ ᠶᠢ 15.86 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠪᠡ᠃    ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 39447 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠪᠡ᠂ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 43371 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.1% ᠨᠡᠮᠡᠭᠳᠡᠵᠦ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠎ ᠨᠢ 27606 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠳᠡᠭᠡᠭᠰᠢᠯᠡᠭᠦᠯᠪᠡ ᠃    ᠬᠤᠶᠠᠳᠤᠭᠠᠷ ᠎ ᠲᠤ᠂ ᠬᠡᠪᠴᠢᠶᠡᠵᠢᠯ ᠎ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠎ ᠨᠢ ᠤᠳᠠᠭᠠᠰᠢᠷᠠᠵᠤ ᠂ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠡᠯᠢᠶᠡᠳ ᠳᠣᠣᠷ᠎ᠠ ᠪᠠᠶᠢᠬᠤ    2022 ᠣᠨ ᠳᠤ ᠂ ᠲᠣᠭᠲᠠᠭᠠᠭᠰᠠᠨ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠦᠢᠯᠡᠳᠬᠦᠨ ᠤ ᠦᠷᠳᠡᠭ ᠎ ᠨᠢ 235.69 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 8.8% ᠨᠡᠮᠡᠭᠳᠡᠵᠦ ᠂ ᠲᠤᠰ ᠲᠤᠰ ᠨᠢᠭᠡᠳᠦᠭᠡᠷ ᠤᠯᠠᠷᠢᠯ ᠂ ᠬᠤᠶᠠᠳᠤᠭᠠᠷ ᠤᠯᠠᠷᠢᠯ ᠂ ᠭᠤᠷᠪᠠᠳᠤᠭᠠᠷ ᠤᠯᠠᠷᠢᠯ ᠤᠨ ᠬᠢ ᠠᠴᠠ 22.7 ᠵᠠᠭᠤᠨ ᠤ ᠨᠢᠭᠡᠴᠢ ᠂ 15.1 ᠵᠠᠭᠤᠨ ᠤ ᠨᠢᠭᠡᠴᠢ ᠪᠠ 7.6 ᠵᠠᠭᠤᠨ ᠤ ᠨᠢᠭᠡᠴᠢ ᠳᠣᠣᠷ᠎ᠠ ᠪᠣᠯᠵᠤ ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠎ ᠨᠢ ᠠᠳᠠᠯᠢ ᠬᠤᠭᠤᠴᠠᠭᠠᠨ ᠤ ᠬᠢ ᠎ ᠠᠴᠠ 0.1% ᠳᠡᠭᠡᠭᠰᠢᠯᠡᠭᠦᠯᠪᠡ ᠃    ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃    2022 ᠣᠨ ᠳᠤ ᠂ ᠫᠢᠩ ᠮᠧᠢ ᠪᠦᠯᠦᠭᠯᠡᠯ ᠂ ᠶᠤᠸᠠᠨ ᠪᠦᠦ ᠱᠠᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠎ ᠨᠢ 70.64 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 5.2% ᠪᠠᠭᠤᠷᠠᠵᠤ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 30.0% ᠎ ᠶᠢ ᠡᠵᠡᠯᠡᠵᠦ ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠠᠷᠢᠴᠠᠯ ᠢᠶᠠᠷ 1.8 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠬᠤᠶᠠᠷ︶ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠃    2022 ᠣᠨ ᠳᠤ ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠨᠢ 139.07 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 20.2% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 59.0%᠎ ᠶᠢ ᠡᠵᠡᠯᠡᠵᠦ ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 10.8 ᠵᠠᠭᠤᠨ ᠤ ᠨᠢᠭᠡᠴᠢ ᠳᠡᠭᠡᠭᠰᠢᠯᠡᠭᠦᠯᠪᠡ ᠃    ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 17.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2%᠎  ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 7.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.8 ᠵᠠᠭᠤᠨ ᠤ ᠨᠢᠭᠡᠴᠢ ᠪᠠᠭᠤᠷᠠᠭᠤᠯᠪᠠ᠃     ︵ ᠭᠤᠷᠪᠠ ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠃    2022 ᠣᠨ ᠳᠤ ᠂ ᠦᠢᠯᠡᠳᠬᠦᠨ ᠤ ᠦᠷᠳᠡᠭ ᠨᠢ ᠳ᠋ᠦᠩᠰᠢᠭᠤᠷ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 17 ᠭᠡᠷ ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠨᠢ 221.26 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 10.7% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 93.9% ᠎ ᠶᠢ ᠡᠵᠡᠯᠡᠵᠦ ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 9.9 ᠵᠠᠭᠤᠨ ᠤ ᠨᠢᠭᠡᠴᠢ ᠳᠡᠭᠡᠭᠰᠢᠯᠡᠭᠦᠯᠪᠡ ᠃    ︵ᠳᠥᠷᠪᠡ︶ ᠭᠤᠷᠪᠠᠨ ᠶᠡᠭᠡ ᠭᠤᠣᠯ ᠠᠵᠢᠯ ᠲᠥᠷᠥᠯ᠃    2022 ᠣᠨ ᠳᠤ᠂ ᠡᠨᠧᠷᠭᠢ ᠂ ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠬᠢᠨ 227.57 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ  ᠎ ᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 96.6% ᠎ ᠶᠢ ᠡᠵᠡᠯᠡᠵᠦ ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 9.6 ᠵᠠᠭᠤᠨ ᠤ ᠨᠢᠭᠡᠴᠢ ᠳᠡᠭᠡᠭᠰᠢᠯᠡᠭᠦᠯᠪᠡ ᠃    ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 77.78 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 33.0%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.9 ᠵᠠᠭᠤᠨ ᠤ ᠨᠢᠭᠡᠴᠢ ᠪᠠᠭᠤᠷᠠᠭᠤᠯᠪᠠ᠂ ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠦᠢᠯᠡᠳᠬᠦᠨ ᠤ ᠥᠷᠲᠡᠭ ᠎ ᠨᠢ 76.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 11.5%᠎  ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 32.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.6 ᠵᠠᠭᠤᠨ ᠤ ᠨᠢᠭᠡᠴᠢ ᠳᠡᠭᠡᠭᠰᠢᠯᠡᠭᠦᠯᠪᠡ ᠃    ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 73.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.9% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 31.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ  ᠶᠢ 6.8 ᠵᠠᠭᠤᠨ ᠤ ᠨᠢᠭᠡᠴᠢ ᠨᠡᠮᠡᠭᠳᠡᠬᠦ ᠶᠢ ᠠᠬᠢᠭᠤᠯᠪᠠ᠃    ︵ ᠲᠠᠪᠤ ︶ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠎ ᠤ ᠭᠠᠷᠤᠯᠲᠠ ᠎ ᠶᠢᠨ ᠬᠡᠮᠵᠢᠶ᠎ᠡ ᠃    2022 ᠣᠨ ᠳᠤ᠂ ᠨᠡᠭᠦᠷᠡᠰᠦᠨ ᠤ ᠭᠠᠷᠤᠯᠲᠠ 1523.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3%᠎ ᠪᠠᠷ ᠪᠠᠭᠤᠷᠠᠪᠠ᠂ ᠡᠭᠦᠨ ᠳᠤ᠄ ᠫᠢᠩ ᠮᠧᠶ ᠪᠦᠯᠦᠭᠯᠡᠯ ᠤᠨ ᠨᠡᠭᠦᠷᠡᠰᠦᠨ ᠤ ᠭᠠᠷᠤᠯᠲᠠ ᠨᠢ 1450.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.0% ᠪᠠᠭᠤᠷᠠᠵᠤ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ 87.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7%᠎ ᠪᠠᠷ ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠢ 79.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5%᠎ ᠪᠠᠷ ᠪᠠᠭᠤᠷᠠᠪᠠ᠂ ᠬᠡᠦᠷᠡᠰᠦ ᠶᠢᠨ ᠭᠠᠷᠤᠯᠲᠠ  ᠶᠢᠨ ᠬᠡᠮᠵᠢᠶ᠎ᠡ ᠎ ᠨᠢ 59.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠪᠡ᠂ ᠰᠢᠩᠭᠡᠨ ᠪᠡᠶᠡᠲᠦ ᠰᠦᠨ ᠤ ᠭᠠᠷᠤᠯᠲᠠ ᠨᠢ 13.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠎ ᠪᠠᠷ ᠪᠠᠭᠤᠷᠠᠪᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ ᠨᠢ 41.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1%᠎ ᠪᠠᠷ ᠪᠠᠭᠤᠷᠠᠪᠠ᠃    ︵ᠵᠢᠷᠭᠤᠭ᠎ᠠ︶ ᠡᠨᠧᠷᠭᠢ ᠶᠢᠨ ᠬᠤᠷᠣᠭᠳᠠᠯ ᠤᠨ ᠪᠠᠶᠢᠳᠠᠯ᠃    2022 ᠣᠨ ᠳᠤ ᠂ ᠲᠣᠭᠲᠠᠭᠠᠭᠰᠠᠨ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠨᠢ 162.0 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 5.2 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ 3.3%᠎ ᠪᠠᠷ ᠨᠡᠮᠡᠭᠳᠡᠪᠡ᠃ ᠡᠭᠦᠨ ᠳᠤ ᠡᠨᠧᠷᠭᠢ ᠶᠢᠨ ᠬᠤᠷᠣᠭᠳᠠᠭᠤᠯᠤᠯ ᠨᠢ 1 ᠲᠦᠮᠡᠨ ᠲᠣᠨ ᠠᠴᠠ ᠳᠡᠭᠡᠭᠰᠢ ᠪᠠᠶᠢᠭ᠎ᠠ 13 ᠭᠡᠷ ᠪᠦᠯᠢ ᠶᠢᠨ ᠳᠦᠷᠢᠮ ᠲᠣᠭᠲᠠᠭᠠᠯ ᠳᠡᠭᠡᠷ᠎ᠡ᠂ ᠠᠵᠤ ᠦᠢᠯᠡᠳᠪᠦᠷᠢ ᠶᠢᠨ ᠡᠨᠧᠷᠭᠢ ᠎ ᠶᠢᠨ ᠬᠤᠷᠣᠭᠳᠠᠭᠤᠯᠤᠯ ᠨᠢ 155.6 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 4.4% ᠪᠡᠷ ᠨᠡᠮᠡᠭᠳᠡᠪᠡ᠂ ᠡᠨᠧᠷᠭᠢ ᠶᠢᠨ ᠬᠤᠷᠣᠭᠳᠠᠯ ᠢᠶᠠᠷ ᠬᠠᠮᠤᠭ ᠤᠨ ᠶᠡᠭᠡ ᠢᠫᠢᠨ  ᠦ ᠠᠮᠢᠳᠤ ᠪᠣᠳᠠᠰ ᠤᠨ ᠡᠨᠧᠷᠭᠢ ᠶᠢᠨ ᠬᠤᠷᠣᠭᠳᠠᠯ ᠨᠢ 81.6 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 1.4 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 1.8% ᠨᠡᠮᠡᠭᠳᠡᠵᠦ᠂ ᠶᠡᠷᠦᠩᠬᠡᠢ ᠬᠡᠮᠵᠢᠶᠡᠨ ᠤ 50.4%᠎ ᠶᠢ ᠡᠵᠡᠯᠡᠪᠡ᠂ ᠠᠩᠬᠠᠨ ᠤ ᠴᠠᠬᠢᠯᠭᠠᠨ ᠤ ᠡᠨᠧᠷᠭᠢ ᠶᠢᠨ ᠬᠤᠷᠣᠭᠳᠠᠯ ᠨᠢ 19.3 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 0.2 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 0.8% ᠨᠡᠮᠡᠭᠳᠡᠵᠦ᠂ ᠶᠡᠷᠦᠩᠬᠡᠢ ᠬᠡᠮᠵᠢᠶᠡᠨ ᠤ 11.9%᠎ ᠶᠢ ᠡᠵᠡᠯᠡᠪᠡ᠃    ᠭᠤᠷᠪᠠᠳᠤᠭᠠᠷ ᠲᠦ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ  ᠪᠠᠶᠢᠬᠤ    2022 ᠣᠨ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠢ175 ︵ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠪᠠᠶᠢᠵᠤ᠂ ᠡᠭᠦᠨ ᠳᠤ ᠠᠵᠢᠯ ᠡᠬᠢᠯᠡᠭᠦᠯᠦᠭᠰᠡᠨ ᠪᠤᠶᠤ ᠰᠡᠷᠭᠦᠭᠡᠭᠰᠡᠨ ᠲᠥᠷᠥᠯ ᠵᠦᠢᠯ ᠨᠢ154 ︵ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠪᠠᠶᠢᠵᠤ᠂ 64.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠪᠠᠷ ᠳᠡᠭᠡᠭᠰᠢ ᠮᠡᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.3%᠎ ᠪᠠᠷ ᠨᠡᠮᠡᠭᠳᠡᠪᠡ᠃    ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠨᠢ 58.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 46.0% ᠎ ᠪᠠᠷ ᠨᠡᠮᠡᠭᠳᠡᠪᠡ᠂ 5000 ᠲᠦᠮᠡᠨ ᠲᠥᠭᠦᠷᠢᠭ ᠠᠴᠠ ᠳᠣᠷᠣᠭᠰᠢᠬᠢ ᠲᠥᠷᠥᠯ ᠵᠦᠢᠯ ᠳᠤ 5.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 7.4% ᠎ ᠪᠠᠷ ᠪᠠᠭᠤᠷᠠᠪᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠳᠤ 0.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 90.2%᠎ ᠎ ᠪᠠᠷ ᠪᠠᠭᠤᠷᠠᠪᠠ᠂ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ ᠳᠤ 1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2.3%᠎ ᠪᠠᠷ ᠪᠠᠭᠤᠷᠠᠪᠠ᠂ ᠬᠤᠶᠠᠳᠤᠭᠠᠷ ᠠᠵᠤ ᠦᠢᠯᠡᠰ ᠤᠨ ᠲᠥᠷᠥᠯ ᠵᠦᠢᠯ ᠳᠤ 43.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 111.9%᠎ ᠪᠠᠷ ᠨᠡᠮᠡᠭᠳᠡᠪᠡ᠂ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠳᠤ 19.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 30.7%  ᠪᠠᠷ ᠪᠠᠭᠤᠷᠠᠪᠠ᠃    ᠲᠦᠷᠪᠡᠳᠦᠭᠡᠷ ᠲᠤ ᠂ ᠬᠡᠷᠡᠭᠯᠡᠭᠡᠨ ᠤ ᠵᠠᠬ᠎ᠠ ᠳᠡᠯᠭᠡᠭᠦᠷ ᠥᠭᠡᠳᠡ ᠦᠭᠡᠢ ᠪᠠᠶᠢᠬᠤ    2022 ᠣᠨ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠎ ᠨᠢ 41.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7%᠎ ᠪᠠᠷ ᠨᠡᠮᠡᠭᠳᠡᠪᠡ᠂ ᠨᠡᠶᠢᠭᠡᠮ ᠤᠨ ᠲᠠᠸᠠᠷ ᠤᠨ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 72.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠎ ᠪᠠᠷ ᠪᠠᠭᠤᠷᠠᠪᠠ᠃    ᠡᠭᠦᠨ ᠤ ᠳᠣᠲᠣᠷ᠎ᠠ ᠄ ᠪᠥᠭᠡᠮ ᠢᠶᠠᠷ ᠬᠤᠳᠠᠯᠳᠤᠬᠤ ᠦᠢᠯᠡᠰ 36.45 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ 25%᠎ ᠪᠠᠷ ᠪᠠᠭᠤᠷᠠᠪᠠ ᠂ ᠵᠢᠵᠢᠭᠯᠡᠨ ᠬᠤᠳᠠᠯᠳᠤᠬᠤ ᠦᠢᠯᠡᠰ 32.22 ᠳ᠋ᠦᠩᠰᠢᠭᠤᠷ ᠲᠥᠭᠦᠷᠢᠭ ᠲᠤ ᠬᠦᠷᠴᠦ ᠂ 2.3% ᠎ ᠪᠠᠷ ᠨᠡᠮᠡᠭᠳᠡᠪᠡ ᠂ ᠬᠤᠨᠣᠭᠯᠠᠬᠤ ᠎ ᠨᠢ 0.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.4%᠎ ᠪᠠᠷ ᠪᠠᠭᠤᠷᠠᠪᠠ᠂ ᠢᠳᠡᠭᠡᠨ ᠤᠮᠳᠠᠭᠠᠨ ᠤ ᠦᠢᠯᠡᠰ ᠨᠢ 3.06 ᠳ᠋ᠦᠩᠰᠢᠭᠤᠷ ᠲᠥᠭᠦᠷᠢᠭ ᠪᠡᠶᠡᠯᠡᠭᠦᠯᠵᠦ᠂ 13.4%᠎ ᠪᠠᠷ ᠪᠠᠭᠤᠷᠠᠪᠠ᠃    ᠲᠠᠪᠤᠳᠤᠭᠠᠷ ᠲᠤ ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    2022 ᠣᠨ ᠳᠤ᠂ ᠪᠥᠬᠦ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠎ ᠨᠢ 15.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠪᠡ᠃    ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ ᠨᠢ 11.36 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.7% ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 71.6%᠎ ᠶᠢ ᠡᠵᠡᠯᠡᠪᠡ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠨᠢ 32.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3%᠎ ᠪᠠᠷ ᠨᠡᠮᠡᠭᠳᠡᠪᠡ᠃    ᠵᠢᠷᠭᠤᠳᠤᠭᠠᠷ ᠲᠤ ᠂ ᠮᠥᠩᠭᠦᠨ ᠭᠦᠢᠯᠭᠡᠭᠡᠨ ᠎ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    2022 ᠣᠨ ᠤ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠨᠢ 308.11 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 16.2%᠎ ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠨᠢ 273.73 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 19.6% ᠨᠡᠮᠡᠭᠳᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 212.58 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠤᠨ ᠡᠬᠢᠨ ᠤ ᠬᠢ ᠠᠴᠠ 4.3%᠎ ᠪᠠᠷ ᠨᠡᠮᠡᠭᠳᠡᠪᠡ ᠃  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1