2022 ᠣᠨ ᠤ 1 ︱ 11  ᠰᠠᠷ᠎ᠠ ᠶᠢᠨ ᠪᠥᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/1/4
    ᠨᠢᠭᠡᠳᠤᠭᠡᠷ ᠲᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ ᠂ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ ᠨᠡᠯᠢᠶᠡᠳ ᠳᠣᠣᠷ᠎ᠠ  ᠪᠠᠶᠢᠬᠤ    1—11 ᠰᠠᠷ᠎ᠠ ᠳᠤ᠂ ᠲᠣᠭᠲᠠᠭᠠᠭᠰᠠᠨ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠦᠢᠯᠡᠳᠬᠦᠨ ᠤ ᠥᠷᠲᠡᠭ ᠎ ᠨᠢ 215.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠨᠡᠮᠡᠭᠳᠡᠵᠦ ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠎ ᠬᠢ ᠠᠴᠠ 1.5% ᠳᠤᠷᠤᠭᠰᠢᠯᠠᠪᠠ ᠃    ︵ᠨᠢᠭᠡ︶  ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃    1—11 ᠰᠠᠷ᠎ᠠ ᠳᠤ᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠎ ᠨᠢ 65.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 2.6% ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.9 ᠵᠠᠭᠤᠨ ᠤ ᠨᠢᠭᠡᠴᠢ ᠪᠠᠭᠤᠷᠠᠭᠤᠯᠪᠠ᠃    ︵ᠬᠤᠶᠠᠷ︶ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠃    1—11 ᠰᠠᠷ᠎ᠠ ᠳᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 126.17 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.8% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 58.5%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 11.1 ᠵᠠᠭᠤᠨ ᠤ ᠨᠢᠭᠡᠴᠢ ᠳᠡᠭᠡᠭᠰᠢᠯᠡᠭᠦᠯᠪᠡ᠃    ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 15.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 7.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.8 ᠵᠠᠭᠤᠨ ᠤ ᠨᠢᠭᠡᠴᠢ ᠪᠠᠭᠤᠷᠠᠭᠤᠯᠪᠠ᠃    ︵ᠭᠤᠷᠪᠠ︶  ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠃    1—11 ᠰᠠᠷ᠎ᠠ ᠳᠤ᠂ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 14 ᠭᠡᠷ ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 199.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 92.5%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 9.7 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠳᠥᠷᠪᠡ︶  ᠭᠤᠷᠪᠠᠨ ᠶᠡᠭᠡ ᠭᠤᠣᠯ ᠠᠵᠢᠯ ᠲᠥᠷᠥᠯ᠃    1—11 ᠰᠠᠷ᠎ᠠ ᠳᠤ᠂ ᠡᠨᠧᠷᠭᠢ ᠶᠢᠨ ᠰᠤᠷᠪᠤᠯᠵᠢ᠂ ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠢᠨ 207.91 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.1% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 96.5%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 10.6 ᠵᠠᠭᠤᠨ ᠤ ᠨᠢᠭᠡᠴᠢ ᠳᠡᠭᠡᠭᠰᠢᠯᠡᠭᠦᠯᠪᠡ᠃    ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 71.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 33.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.2 ᠵᠠᠭᠤᠨ ᠤ ᠨᠢᠭᠡᠴᠢ ᠳᠡᠭᠡᠭᠰᠢᠯᠡᠭᠦᠯᠪᠡ ᠃     ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ ᠬᠤᠭᠤᠴᠠᠭᠠᠨ ᠤ ᠬᠢ ᠠᠴᠠ 11.5% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 32.1%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.7 ᠵᠠᠭᠤᠨ ᠤ ᠨᠢᠭᠡᠴᠢ ᠳᠡᠭᠡᠭᠰᠢᠯᠡᠭᠦᠯᠪᠡ᠃ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 66.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.5% ᠨᠡᠮᠡᠭᠳᠡᠵᠦ  ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ‌ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 31.1%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 6.7 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠲᠠᠪᠤ︶  ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ᠃    1—11 ᠰᠠᠷ᠎ᠠ ᠳᠤ᠂ ᠨᠡᠭᠦᠷᠡᠰᠦᠨ ᠤ ᠭᠠᠷᠤᠯᠲᠠ 1398.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7%᠎ ᠪᠠᠷ ᠪᠠᠭᠤᠷᠠᠪᠠ᠂ ᠡᠭᠦᠨ ᠳᠤ᠄ ᠫᠢᠩ ᠮᠧᠶ ᠪᠦᠯᠦᠭᠯᠡᠯ ᠤᠨ ᠨᠡᠭᠦᠷᠡᠰᠦᠨ ᠤ ᠭᠠᠷᠤᠯᠲᠠ ᠨᠢ 1330.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.4%᠎ ᠪᠠᠷ ᠪᠠᠭᠤᠷᠠᠪᠠ᠃    ᠴᠠᠬᠢᠯᠭᠠᠨ ᠭᠠᠷᠭᠠᠭᠰᠠᠨ ᠬᠡᠮᠵᠢᠶ᠎ᠡ ᠎ ᠨᠢ 80.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3%᠎ ᠪᠠᠷ ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠢ 73.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠭᠤᠷᠠᠪᠠ᠂ ᠬᠡᠦᠷᠡᠰᠦ ᠶᠢᠨ ᠭᠠᠷᠤᠯᠲᠠ ᠎ ᠶᠢᠨ ᠬᠡᠮᠵᠢᠶ᠎ᠡ ᠎ ᠨᠢ 53.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠨᠡᠮᠡᠭᠳᠡᠪᠡ᠂ ᠰᠢᠩᠭᠡᠨ ᠪᠡᠶᠡᠲᠦ ᠰᠦᠨ ᠤ ᠭᠠᠷᠤᠯᠲᠠ ᠨᠢ 12.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7%᠎  ᠪᠠᠭᠤᠷᠠᠪᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ ᠨᠢ 37.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2%᠎ ᠪᠠᠷ ᠪᠠᠭᠤᠷᠠᠪᠠ᠃    ︵ᠵᠢᠷᠭᠤᠭ᠎ᠠ︶  ᠡᠨᠧᠷᠭᠢ ᠶᠢᠨ ᠬᠤᠷᠣᠭᠳᠠᠯ ᠤᠨ ᠪᠠᠶᠢᠳᠠᠯ᠃    1—11 ᠰᠠᠷ᠎ᠠ ᠳᠤ᠂ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ 186.3 ᠲᠦᠮᠡᠨ ᠲᠣᠨ ᠪᠠᠷᠢᠮᠵᠢᠶᠠᠲᠤ ᠨᠡᠭᠦᠷᠡᠰᠦ ᠲᠣᠭᠲᠠᠭᠠᠵᠤ᠂ ᠠᠳᠠᠯᠢ ᠬᠤᠭᠤᠴᠠᠭᠠᠨ ᠤ ᠬᠢ ᠠᠴᠠ 3.2 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ 1.8%᠎ ᠪᠠᠷ ᠨᠡᠮᠡᠭᠳᠡᠪᠡ ᠂ ᠡᠭᠦᠨ ᠳᠤ ᠡᠨᠧᠷᠭᠢ ᠶᠢᠨ ᠬᠤᠷᠣᠭᠳᠠᠭᠤᠯᠤᠯ ᠨᠢ 1 ᠲᠦᠮᠡᠨ ᠲᠣᠨ ᠠᠴᠠ ᠳᠡᠭᠡᠭᠰᠢ ᠪᠠᠶᠢᠭ᠎ᠠ 13 ᠭᠡᠷ ᠪᠦᠯᠢ ᠶᠢᠨ ᠳᠦᠷᠢᠮ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠨᠢ 180.4 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ 2.7%᠎ ᠪᠠᠷ ᠨᠡᠮᠡᠭᠳᠡᠪᠡ ᠂ ᠡᠨᠧᠷᠭᠢ ᠶᠢᠨ ᠬᠤᠷᠣᠭᠳᠠᠯ ᠢᠶᠠᠷ ᠬᠠᠮᠤᠭ ᠤᠨ ᠶᠡᠭᠡ ᠢᠫᠢᠨ ᠤ ᠠᠮᠢᠳᠤ ᠪᠣᠳᠠᠰ ᠤᠨ ᠡᠨᠧᠷᠭᠢ ᠶᠢᠨ ᠬᠤᠷᠣᠭᠳᠠᠯ 73.8 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 0.6 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 0.8% ᠨᠡᠮᠡᠭᠳᠡᠵᠦ ᠂ ᠶᠡᠷᠦᠩᠬᠡᠢ ᠬᠡᠮᠵᠢᠶᠡᠨ ᠤ 39.6%᠎ ᠶᠢ ᠡᠵᠡᠯᠡᠪᠡ᠃    ᠠᠩᠬᠠᠨ ᠤ ᠴᠠᠬᠢᠯᠭᠠᠨ ᠤ ᠡᠨᠧᠷᠭᠢ ᠶᠢᠨ ᠬᠤᠷᠣᠭᠳᠠᠯ 57.7 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.1 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 0.2%᠎  ᠪᠠᠭᠤᠷᠠᠵᠤ᠂ ᠶᠡᠷᠦᠩᠬᠡᠢ ᠬᠡᠮᠵᠢᠶᠡᠨ ᠤ 31.0%᠎ ᠢ ᠡᠵᠡᠯᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1