︽ᠬᠤᠣᠰ ᠪᠠᠶᠠᠷ︾ ᠤᠨ ᠠᠮᠠᠷᠠᠯᠲᠠ ᠠᠴᠠ ᠡᠮᠦᠨᠡᠬᠡᠨ᠂ ᠬᠢᠩᠭᠠᠨ ᠠᠶᠢᠮᠠᠭ ᠲᠠᠬᠢ ᠶᠤᠸᠠᠨ ᠯᠦᠩ ᠫᠢᠩ | ᠠᠺᠠᠳᠧᠮᠢᠴᠢ ᠶᠢᠨ ᠠᠵᠢᠯ ᠤᠨ ᠦᠷᠲᠡᠭᠡ ᠪᠠᠶᠢᠭᠤᠯᠤᠭᠳᠠᠭᠰᠠᠨ ᠲᠠᠪᠤᠨ ᠵᠢᠯ ᠤᠨ ᠤᠢ ᠵᠢᠴᠢ 2023 ᠣᠨ ᠤ ᠴᠢᠨᠠᠷ | ᠰᠠᠶᠢᠲᠠᠢ ᠤᠰᠤᠨ ᠲᠤᠲᠤᠷᠭ᠎ᠠ ᠶᠢᠨ ᠤᠨᠠᠯᠲᠠ ᠶᠢ ᠬᠡᠮᠵᠢᠬᠦ ᠦᠵᠡᠭᠦᠯᠭᠡ ᠳᠡᠭᠡᠷ᠎ᠡ᠂ ᠬᠤᠨᠠᠨ ᠤ ᠡᠷᠯᠢᠰᠡᠵᠢᠭᠦᠯᠦᠭᠰᠡᠨ | ᠤᠰᠤᠨ ᠲᠤᠲᠤᠷᠭ᠎ᠠ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠶᠤᠸᠠᠨ ᠳ᠋ᠢᠩ ᠶᠠᠩ ︽ᠮᠦ ᠪᠦᠷᠢ ᠶᠢᠨ | ᠤᠨᠠᠯᠲᠠ 552.1 ᠺᠢᠯᠣᠭ᠍ᠷᠠᠮ︕ ᠮᠦ ᠪᠦᠷᠢ ᠶᠢᠨ ᠤᠨᠠᠯᠲᠠ ᠰᠠᠶᠢᠨ ᠠᠮᠵᠢᠯᠲᠠ ᠣᠯᠵᠠᠢ︾ ᠭᠡᠵᠦ ᠰᠡᠳᠬᠢᠯ | ᠳᠣᠭᠳᠣᠯᠤᠨ ᠵᠠᠷᠯᠠᠪᠠ᠃ | 9 ᠳ᠋ᠦ᠋ᠭᠡᠷ ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠤᠰᠤᠨ | ᠲᠤᠲᠤᠷᠭ᠎ᠠ ᠶᠢᠨ ᠰᠤᠳᠤᠯᠭᠠᠨ ᠤ ᠭᠠᠵᠠᠷ᠂ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ᠂ ᠨᠢᠩᠰᠢᠶᠠ ᠶᠢᠨ ᠲᠠᠷᠢᠶᠠᠯᠠᠩ ᠪᠠ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠤᠨᠠᠨ ᠤ | ᠲᠠᠷᠢᠶᠠᠯᠠᠩ ᠤᠨ ᠶᠡᠭᠡ ᠰᠤᠷᠭᠠᠭᠤᠯᠢ᠂ ᠲᠦᠩᠯᠢᠶᠣᠣ ᠬᠤᠲᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ | ᠵᠡᠷᠭᠡ ᠶᠢᠨ 7 ᠮᠡᠷᠭᠡᠵᠢᠯᠲᠡᠨ ᠤᠨᠠᠯᠲᠠ ᠶᠢ ᠬᠡᠮᠵᠢᠬᠦ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠦ᠂ | ᠤᠯᠠᠭᠠᠨᠬᠤᠲᠠ ᠪᠣᠯᠣᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤᠨ ᠲᠤᠲᠤᠷᠭ᠎ᠠ ᠶᠢᠨ ᠰᠠᠭᠤᠷᠢᠨ | ᠭᠠᠵᠠᠷ ᠠᠴᠠ 3 ᠬᠡᠰᠡᠭ ᠲᠤᠲᠤᠷᠭᠠᠨ ᠤ ᠲᠠᠷᠢᠶ᠎ᠠ ᠶᠢ ᠰᠣᠩᠭᠤᠨ ᠬᠠᠳᠤᠵᠤ ᠤᠨᠠᠯᠲᠠ ᠶᠢ ᠬᠡᠮᠵᠢᠪᠡ᠃ | ᠲᠥᠰᠥᠭᠡᠯᠡᠭᠰᠡᠨ ᠢᠶᠠᠷ᠂ ᠠᠩᠬᠢᠯᠤᠮ᠎ᠠ ᠬᠡᠯᠪᠡᠷᠢ ᠶᠢᠨ ᠴᠢᠨᠠᠷ ᠰᠠᠶᠢᠲᠠᠢ ᠤᠰᠤᠨ ᠲᠤᠲᠤᠷᠭ᠎ᠠ ᠶᠢᠨ ᠡᠭᠦᠯᠳᠡᠷ ︽X56︾ | ᠶᠢᠨ ᠮᠦ ᠪᠦᠷᠢ ᠶᠢᠨ ᠳᠤᠮᠳᠠᠴᠢ ᠤᠨᠠᠯᠲᠠ 594.6 ᠺᠢᠯᠣᠭ᠍ᠷᠠᠮ᠂ ᠬᠤᠵᠢᠷ ᠲᠤ ᠳᠠᠭᠠᠭᠠᠮᠠᠭᠠᠢ ᠤᠰᠤᠨ | ᠲᠤᠲᠤᠷᠭ᠎ᠠ ᠶᠢᠨ ᠡᠭᠦᠯᠳᠡᠷ ᠤᠨ ︽ᠰᠢᠩ ᠵᠢᠩ 17︾ ᠶᠢᠨ ᠮᠦ ᠪᠦᠷᠢ ᠶᠢᠨ ᠳᠤᠮᠳᠠᠴᠢ ᠤᠨᠠᠯᠲᠠ 552.1 | ᠺᠢᠯᠣᠭ᠍ᠷᠠᠮ ᠪᠠᠶᠢᠵᠤ᠂ ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠨᠢ 5 ᠵᠢᠯ | ᠳᠠᠷᠠᠭᠠᠯᠠᠨ 500 ᠺᠢᠯᠣᠭ᠍ᠷᠠᠮ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠮᠠᠷᠠᠲᠤ ᠬᠢᠯᠢ ᠶᠢᠨ | ᠬᠤᠵᠢᠷᠯᠢᠭ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠮ ᠭᠠᠷᠭᠠᠵᠠᠢ᠃ | ᠬᠢᠩᠭᠠᠨ ᠠᠶᠢᠮᠠᠭ ᠤᠮᠠᠷᠠᠲᠤ ᠥᠷᠭᠡᠷᠢᠭ ᠤᠨ 46° ᠤᠨ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ | ᠠᠮᠢ ᠠᠬᠤᠢ ᠶᠢᠨ ᠬᠦᠷᠢᠶᠡᠨ ᠳᠤ ᠣᠷᠣᠰᠢᠵᠤ᠂ ᠳᠡᠯᠡᠬᠡᠢ ᠪᠠᠷ ᠢᠶᠠᠨ ᠮᠡᠳᠡᠷᠡᠭᠰᠡᠨ ᠬᠦᠢᠲᠡᠨ ᠭᠠᠵᠠᠷ ᠤᠨ ᠤᠰᠤᠨ | ᠲᠤᠲᠤᠷᠭ᠎ᠠ ᠶᠢᠨ ᠰᠠᠶᠢᠨ ᠣᠷᠣᠨ ᠪᠣᠯᠣᠨ᠎ᠠ᠃ 2018 ᠣᠨ ᠳᠤ᠂ ᠠᠺᠠᠳᠧᠮᠢᠴᠢ ᠶᠤᠸᠠᠨ ᠯᠦᠩ ᠫᠢᠩ ᠬᠢᠩᠭᠠᠨ | ᠠᠶᠢᠮᠠᠭ ᠲᠤ ᠠᠺᠠᠳᠧᠮᠢᠴᠢ ᠮᠡᠷᠭᠡᠵᠢᠯᠲᠡᠨ ᠤ ᠠᠵᠢᠯ ᠤᠨ ᠦᠷᠳᠡᠭᠡ ᠪᠠᠶᠢᠭᠤᠯᠵᠠᠢ᠃ ᠲᠠᠪᠤᠨ ᠵᠢᠯ ᠤᠨ ᠲᠤᠷᠰᠢ᠂ | ᠶᠤᠸᠠᠨ ᠯᠦᠩ ᠫᠢᠩ ᠠᠺᠠᠳᠧᠮᠢᠴᠢ ᠶᠢᠨ ᠪᠦᠯᠬᠦᠮ ︽ᠭᠤᠷᠪᠠᠨ ᠵᠢᠯ ᠤᠨ ᠳᠣᠲᠣᠷ᠎ᠠ ᠬᠢᠩᠭᠠᠨ ᠠᠶᠢᠮᠠᠭ ᠤᠨ ᠤᠰᠤᠨ | ᠲᠤᠲᠤᠷᠭ᠎ᠠ ᠶᠢᠨ ᠮᠦ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠬᠦ︾ ᠬᠠᠷᠠᠯᠲᠠ ᠶᠢᠨ ᠮᠡᠷᠭᠡᠵᠢᠯ ᠤᠨ ᠵᠠᠭᠪᠤᠷ ᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠤᠨᠠᠯᠲᠠ ᠶᠢᠨ ᠰᠢᠨ᠎ᠡ | ᠲᠡᠮᠳᠡᠭᠯᠡᠯ ᠢ ᠡᠭᠦᠳᠴᠡᠢ᠃ ᠤᠯᠤᠰ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠢᠨᠵᠧᠨᠧᠷᠢᠩ ᠤᠨ | ᠮᠡᠷᠭᠡᠵᠢᠯ ᠤᠨ ᠰᠤᠳᠤᠯᠭᠠᠨ ᠤ ᠲᠥᠪ ᠤᠨ ᠬᠢᠩᠭᠠᠨ ᠠᠶᠢᠮᠠᠭ ᠲᠠᠬᠢ ᠬᠤᠪᠢᠶᠠᠷᠢ ᠲᠥᠪ᠂ ᠤᠯᠤᠰ ᠤᠨ ᠬᠤᠵᠢᠷ ᠲᠤ | ᠳᠠᠭᠠᠭᠠᠮᠠᠭᠠᠢ ᠤᠰᠤᠨ ᠲᠤᠲᠤᠷᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠢᠩᠭᠠᠨ ᠠᠶᠢᠮᠠᠭ ᠲᠠᠬᠢ | ᠬᠤᠪᠢᠶᠠᠷᠢ ᠲᠥᠪ᠂ ᠤᠯᠤᠰ ᠤᠨ ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠶᠢᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠬᠢᠩᠭᠠᠨ ᠠᠶᠢᠮᠠᠭ ᠲᠠᠬᠢ ᠲᠤᠷᠰᠢᠯᠲᠠ ᠶᠢᠨ ᠰᠠᠭᠤᠷᠢᠨ ᠵᠡᠷᠭᠡ ᠤᠯᠤᠰ ᠤᠨ ᠳᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠫᠠᠶᠢᠰᠠ ᠡᠯᠭᠦᠨ ᠪᠠᠶᠢᠭᠤᠯᠪᠠ︔ ᠰᠢᠯᠢᠳᠡᠭ ᠤᠰᠤᠨ | ᠲᠤᠲᠤᠷᠭ᠎ᠠ ᠶᠢᠨ ᠰᠢᠨ᠎ᠡ ᠤᠳᠤᠮ ᠢ 13᠂ ᠰᠢᠨ᠎ᠡ ᠡᠭᠦᠯᠳᠡᠷ ᠢ 3 ᠶᠢ ᠰᠣᠩᠭᠤᠨ ᠪᠤᠶᠢᠵᠢᠭᠤᠯᠵᠤ᠂ ᠰᠢᠯᠢᠳᠡᠭ | ᠤᠰᠤᠨ ᠲᠤᠲᠤᠷᠭ᠎ᠠ ᠶᠢᠨ ᠰᠢᠨ᠎ᠡ ᠤᠳᠤᠮ᠂ ᠰᠢᠨ᠎ᠡ ᠡᠭᠦᠯᠳᠡᠷ ᠢ ᠳᠡᠯᠭᠡᠷᠡᠭᠦᠯᠬᠦ ᠲᠠᠯᠠᠪᠠᠢ ᠶᠢ 10 ᠲᠦᠮᠡᠨ ᠮᠦ ᠳᠤ | ᠬᠦᠷᠦᠭᠦᠯᠪᠡ︔ ᠶᠤᠸᠠᠨ ᠮᠧᠩ ᠲᠥᠯᠥᠪᠯᠡᠭᠡ ᠶᠢᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ | ᠬᠢᠩᠭᠠᠨ ᠠᠶᠢᠮᠠᠭ ᠤᠨ ᠲᠤᠲᠤᠷᠭ᠎ᠠ ᠶᠢᠨ ᠠᠯᠳᠠᠷ ᠢ ᠤᠯᠠᠮ ᠳᠠᠭᠤᠷᠢᠰᠬᠠᠪᠠ᠃ | ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠸᠧᠢ ᠵᠢᠦ ᠴᠢᠶᠠᠩ | ᠢᠯᠡᠷᠬᠡᠶᠢᠯᠡᠭᠰᠡᠨ ᠨᠢ᠂ ᠬᠢᠩᠭᠠᠨ ᠠᠶᠢᠮᠠᠭ ︽14 · 5︾ ᠶᠢᠨ ᠬᠤᠭᠤᠴᠠᠭᠠᠨ ᠳᠤ ᠤᠰᠤᠨ ᠲᠤᠲᠤᠷᠭ᠎ᠠ ᠶᠢᠨ | ᠰᠢᠯᠢᠳᠡᠭ ᠡᠭᠦᠯᠳᠡᠷ ᠢ ᠳᠠᠬᠢᠨ 3 – 5 ᠰᠣᠩᠭᠤᠨ ᠪᠤᠶᠢᠵᠢᠭᠤᠯᠵᠤ᠂ ᠨᠡᠶᠢᠲᠡ 70 ᠲᠦᠮᠡᠨ ᠮᠦ ᠤᠰᠤᠨ | ᠲᠤᠲᠤᠷᠭ᠎ᠠ ᠶᠢᠨ ᠰᠢᠨ᠎ᠡ ᠡᠭᠦᠯᠳᠡᠷ ᠤᠨ ᠳᠠᠷᠢᠬᠤ ᠲᠠᠯᠠᠪᠠᠶ ᠶᠢ ᠳᠡᠯᠭᠡᠷᠡᠭᠦᠯᠦᠨ᠂ 10 ᠲᠦᠮᠡᠨ ᠮᠦ ᠡᠭᠦᠯᠳᠡᠷ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠢᠩᠭᠠᠨ ᠠᠶᠢᠮᠠᠭ ᠤᠨ ᠲᠤᠲᠤᠷᠭ᠎ᠠ ᠶᠢᠨ ᠠᠵᠤ | ᠦᠢᠯᠡᠰ ᠤᠨ ᠬᠡᠪᠴᠢᠶᠡᠵᠢᠭᠰᠡᠨ᠂ ᠲᠡᠮᠳᠡᠭᠵᠢᠭᠰᠡᠨ᠂ ᠠᠭᠤᠰᠤᠯᠴᠠᠭᠰᠠᠨ ᠬᠥᠭᠵᠢᠯᠲᠡ ᠶᠢ ᠠᠬᠢᠭᠤᠯᠵᠤ᠂ ᠤᠰᠤᠨ | ᠲᠤᠲᠤᠷᠭ᠎ᠠ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | |