10 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ | ᠡᠷᠭᠢᠯᠡᠵᠡᠶ᠃ | ᠬᠤᠷᠠᠯ ᠠᠴᠠ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠪᠦᠭᠦ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ | ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠪᠦᠭᠦ ᠣᠷᠣᠨ ᠤ ᠤᠯᠠᠮᠵᠢᠯᠠᠯᠲᠤ ᠠᠵᠤ ᠦᠢᠯᠡᠰ᠂ ᠰᠢᠨ᠎ᠡ ᠪᠠᠷ | ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠲᠥᠰᠥᠪᠯᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠢ᠃ ᠨᠢᠭᠡ ᠳᠤ᠂ ᠳᠥᠷᠪᠡᠳᠦᠭᠡᠷ ᠤᠯᠠᠷᠢᠯ ᠢ ᠴᠢᠩᠭ᠎ᠠ ᠠᠩᠬᠠᠷᠴᠤ᠂ ᠠᠬᠢᠴᠠ ᠶᠢ | ᠱᠠᠯᠠᠪᠳᠠᠭᠤᠯᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠲᠥᠯᠥᠪᠯᠡᠨ | ᠵᠣᠬᠢᠶᠠᠨ ᠪᠠᠶᠢᠭᠤᠯᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠦᠭᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ ᠬᠤᠶᠠᠷ ᠲᠤ᠂ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠪᠠᠶᠢᠳᠠᠯ ᠳᠤ ᠵᠠᠳᠠᠯᠤᠯᠲᠠ ᠬᠢᠬᠦ | ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠡᠷᠭᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ | ᠭᠤᠣᠯᠳᠠᠯᠭ᠎ᠠ ᠲᠠᠢ ᠰᠤᠳᠤᠯᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ | ᠭᠠᠷᠭᠠᠬᠤ ᠬᠡᠷᠡᠭᠲᠡᠢ᠃ ᠭᠤᠷᠪᠠ ᠳᠤ᠂ ᠬᠤᠶᠢᠰᠢᠳᠠ ᠶᠢᠨ ᠠᠵᠢᠯ ᠢᠶᠠᠨ ᠤᠷᠢᠳᠴᠢᠯᠠᠨ ᠰᠠᠶᠢᠲᠤᠷ ᠲᠥᠯᠥᠪᠵᠢᠭᠦᠯᠵᠦ᠂ | ᠭᠤᠣᠯᠳᠠᠯᠭ᠎ᠠ ᠲᠠᠢ ᠠᠷᠭ᠎ᠠ ᠬᠡᠮᠵᠢᠶ᠎ᠡ᠂ ᠴᠢᠬᠤᠯᠠ ᠲᠦᠷᠦ ᠶᠢᠨ ᠪᠣᠳᠣᠯᠭ᠎ᠠ᠂ ᠴᠢᠬᠤᠯᠠ ᠶᠡᠭᠡ ᠲᠦᠷᠦᠯ ᠵᠦᠢᠯ ᠢ | ᠱᠠᠯᠠᠪᠳᠠᠨ ᠰᠤᠳᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠯᠠᠮ ᠴᠢᠨᠠᠭᠰᠢᠳᠠ ᠠᠷᠪᠢᠯᠠᠵᠤ ᠠᠮᠢᠳᠤᠷᠠᠬᠤ ᠲᠤᠬᠠᠢ ᠬᠡᠷᠡᠭᠵᠢᠭᠦᠯᠬᠦ ᠠᠷᠭ᠎ᠠ ᠶᠢ ᠬᠢᠨᠠᠨ | ᠵᠥᠪᠯᠡᠵᠦ᠂ ᠵᠠᠰᠠᠭ ᠤᠨ ᠣᠷᠳᠣᠨ ᠤ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠠᠷᠪᠢᠯᠠᠨ ᠭᠠᠮᠨᠠᠬᠤ | ᠣᠶᠢᠯᠠᠭᠠᠭᠳᠠᠬᠤᠨ ᠢᠶᠠᠨ ᠴᠢᠩᠭᠠᠳᠬᠠᠵᠤ᠂ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ | ᠭᠠᠮᠨᠠᠵᠤ ᠡᠷᠴᠢᠮᠵᠢᠭᠦᠯᠬᠦ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠷᠢᠨ ᠨᠢᠮᠪᠠᠢ ᠲᠥᠯᠥᠪᠯᠡᠨ | ᠠᠮᠢᠳᠤᠷᠠᠵᠤ᠂ ᠠᠷᠪᠢᠯᠠᠵᠤ ᠳᠡᠶᠢᠯᠭᠦ ᠶᠢ ᠨᠢ ᠠᠯᠢ ᠴᠢᠳᠠᠬᠤ ᠪᠠᠷ ᠠᠷᠪᠢᠯᠠᠵᠤ᠂ ᠣᠷᠣᠯᠭ᠎ᠠ ᠪᠠᠨ ᠨᠡᠮᠡᠭᠳᠡᠭᠦᠯᠦᠨ | ᠵᠠᠷᠤᠯᠭ᠎ᠠ ᠪᠠᠨ ᠪᠠᠭᠠᠰᠬᠠᠵᠤ᠂ ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠵᠤ᠂ ᠭᠠᠷ ᠶᠡᠬᠡᠲᠡᠢ | ᠵᠣᠭᠤᠰ ᠵᠠᠷᠤᠬᠤ ᠳᠠᠳᠬᠠᠯ ᠢ ᠡᠷᠡᠰ ᠬᠤᠪᠢᠷᠠᠭᠤᠯᠵᠤ᠂ ᠬᠢᠵᠠᠭᠠᠷ ᠲᠠᠢ ᠪᠡᠯᠡ ᠮᠥᠩᠭᠦ ᠶᠢ ᠬᠡᠷᠡᠭᠴᠡᠭᠡ ᠲᠠᠢ ᠭᠠᠵᠠᠷ ᠲᠤ | ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠰᠤᠳᠤᠯᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠬᠡᠷᠬᠢᠨ ᠠᠳᠬᠤᠬᠤ᠂ ᠬᠡᠨ ᠠᠳᠬᠤᠬᠤ᠂ ᠶᠠᠭᠤ ᠶᠢ ᠠᠳᠬᠤᠬᠤ ᠶᠢ ᠪᠦᠭᠦᠨ ᠢ ᠲᠣᠳᠣᠷᠬᠠᠢ ᠪᠤᠯᠭᠠᠬᠤ ᠬᠡᠷᠡᠭᠲᠡᠢ᠃ | ᠨᠢᠭᠡ ᠳᠤ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠴᠢᠩᠭᠠᠳᠬᠠᠵᠤ᠂ ᠠᠰᠠᠭᠤᠳᠠᠯ ᠢ | ᠰᠢᠢᠳᠪᠦᠷᠢᠯᠡᠵᠦ ᠴᠢᠳᠠᠬᠤ᠂ ᠦᠨᠡᠨ ᠬᠦ ᠠᠵᠢᠯ ᠶᠠᠪᠤᠳᠠᠯ ᠪᠦᠲᠦᠭᠡᠵᠦ ᠳᠡᠶᠢᠯᠭᠦ ᠠᠵᠤ ᠠᠬᠤᠶᠢᠯᠠᠯ ᠢ ᠶᠡᠭᠡ ᠪᠠᠷ | ᠲᠡᠮᠵᠢᠨ᠎ᠠ᠃ ᠬᠤᠶᠠᠷ ᠲᠤ ᠲᠤᠰᠬᠠᠢ ᠮᠡᠷᠭᠡᠵᠢᠯᠲᠡᠨ ᠤ ᠪᠦᠯᠭᠦᠮ ᠢ ᠴᠢᠯᠦᠭᠡᠲᠡᠢ ᠪᠤᠯᠭᠠᠵᠥ᠂ ᠣᠷᠣᠨ ᠤ ᠳᠣᠲᠣᠷ᠎ᠠ | ᠭᠠᠳᠠᠨ᠎ᠠ ᠭᠡᠰᠡᠨ ᠦᠭᠡᠢ᠂ ᠬᠡᠨ ᠰᠠᠶᠢᠲᠤᠷ ᠬᠢᠵᠦ᠂ ᠬᠡᠨ ᠠᠰᠠᠭᠤᠳᠠᠯ ᠢ ᠰᠢᠢᠳᠪᠦᠷᠢᠯᠡᠵᠦ ᠴᠢᠳᠠᠪᠠᠯ ᠲᠡᠭᠦᠨ ᠢ | ᠳᠡᠮᠵᠢᠨ᠎ᠡ᠃ ᠭᠤᠷᠪᠠ ᠳᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢ ᠣᠷᠣᠯᠴᠠᠭᠤᠯᠬᠤ ᠡᠷᠴᠢᠮ ᠢ | ᠴᠢᠩᠭᠠᠷᠠᠭᠤᠯᠵᠤ᠂ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ᠃ ᠳᠥᠷᠪᠡ ᠳᠤ ︽ᠮᠧᠩ ᠺᠧ ᠵᠢᠦᠢ︾ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠲᠠᠢ ᠤᠶᠠᠯᠳᠤᠭᠤᠯᠤᠨ᠂ ᠦᠢᠯᠡᠰ ᠪᠣᠰᠬᠠᠬᠤ ᠪᠦᠯᠭᠦᠮ᠂ ᠪᠡᠯᠡ ᠮᠥᠩᠭᠦ᠂ ᠲᠥᠷᠥᠯ ᠵᠦᠢᠯ ᠢ | ᠣᠨᠣᠴᠠᠲᠠᠢ ᠪᠠᠷ ︽ᠭᠠᠷ ᠠᠳᠬᠤᠯᠴᠠᠭᠤᠯᠬᠤ︾ ᠬᠡᠷᠡᠭᠲᠡᠢ᠃ ᠲᠠᠪᠤ ᠳᠤ ᠬᠦᠴᠦᠨ ᠢᠶᠠᠨ ᠲᠥᠪᠯᠡᠷᠡᠭᠦᠯᠦᠨ᠂ | ᠭᠤᠣᠯᠳᠠᠯᠭ᠎ᠠ ᠪᠠᠨ ᠳᠣᠪᠤᠶᠢᠯᠭᠠᠵᠤ᠂ ᠡᠬᠢᠯᠡᠩᠭᠦᠲᠡ ᠪᠠᠨ ᠳᠠᠷᠤᠢ ᠳᠤᠨᠢ ᠲᠦᠷᠦᠭᠦᠯᠡᠨ ᠬᠢᠬᠦ ᠰᠠᠯᠠᠭ᠎ᠠ ᠮᠥᠴᠢᠷ ᠪᠠ | ᠠᠵᠤ ᠠᠬᠤᠶᠢᠯᠠᠯ ᠢ ᠲᠣᠳᠣᠷᠬᠠᠶᠢᠯᠠᠵᠤ᠂ ᠦᠷ᠎ᠡ ᠶᠢᠨ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠦᠭᠦ | ᠬᠦᠴᠦᠨ ᠢᠶᠠᠷ ᠢᠶᠠᠨ ᠰᠠᠶᠢᠲᠤᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠠᠵᠢᠯ ᠢ ᠰᠤᠳᠤᠯᠵᠠᠢ᠃ | |