ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠳᠤ ᠪᠥᠬᠦ ᠣᠷᠣᠨ ᠶᠡᠷᠦᠩᠬᠡᠢ ᠳᠤ ᠪᠠᠨ ᠠᠮᠤᠷ ᠲᠣᠭᠲᠠᠭᠤᠨ ᠪᠠᠶᠢᠪᠠ
ᠨᠡᠶᠢᠲᠡᠯᠡᠭᠰᠡᠨ ᠴᠠᠭ᠄
2023/10/12
    10 ᠳ᠋ᠤᠭᠠᠷ ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠳᠤ᠂ ᠪᠥᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠠᠶᠠᠷ ᠤᠨ ᠡᠳᠦᠷ ᠤᠨ ᠠᠶᠤᠯ ᠦᠭᠡᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠣᠭᠤᠷᠢᠨ ᠳᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠦᠨᠳᠦ ᠶᠡᠭᠡ ᠭᠠᠢ ᠭᠠᠮᠰᠢᠭ ᠠᠳᠡᠯ ᠤᠨ ᠮᠡᠳᠡᠭᠡᠯᠡᠯ ᠮᠡᠳᠡᠭᠦᠯᠬᠦ ᠲᠣᠭᠲᠠᠭᠠᠯ ᠢ ᠭᠦᠢᠴᠡᠳ ᠨᠠᠶᠢᠳᠠᠪᠤᠷᠢᠵᠢᠭᠤᠯᠤᠨ᠂ ᠪᠥᠬᠦ ᠬᠦᠴᠦᠨ ᠢᠶᠠᠷ ᠢᠶᠠᠨ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠪᠠᠶᠢᠳᠠᠯ ᠢ ᠬᠠᠮᠠᠭᠠᠯᠠᠵᠠᠢ᠃ ᠡᠨᠡ ᠵᠢᠯ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠳᠤ᠂ ᠪᠦᠬᠦ ᠣᠷᠣᠨ ᠤ ᠠᠮᠤᠷ ᠲᠦᠪᠰᠢᠨ ᠤ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠪᠠ᠃    ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠳᠤ᠂ ᠮᠠᠨ ᠤ ᠣᠷᠣᠨ ᠤ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ 24 ᠴᠠᠭ ᠢᠶᠠᠷ ᠠᠵᠢᠯ ᠤᠨ ᠪᠠᠶᠢᠷᠢ ᠳᠤ ᠪᠠᠨ ᠵᠢᠵᠢᠭᠦᠷ ᠳᠠᠭᠠᠭᠤᠯᠬᠤ ᠵᠢᠴᠢ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠡᠯᠡᠳᠬᠡᠯ ᠬᠦᠴᠦᠨ ᠢ ᠭᠦᠢᠴᠡᠳ ᠲᠣᠬᠢᠷᠠᠭᠤᠯᠬᠤ ᠶᠢᠨ ᠬᠠᠮᠲᠤ ᠴᠠᠭ ᠠᠭᠤᠷ᠂ ᠣᠶ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠮᠡᠳᠡᠭᠡᠯᠡᠯ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠪᠣᠯᠭᠠᠵᠤ᠂ ᠮᠡᠳᠡᠭᠡᠯᠡᠯ ᠮᠡᠳᠡᠭᠦᠯᠬᠦ ᠴᠢᠨᠠᠷ ᠢ ᠳᠡᠭᠡᠭᠰᠢᠯᠡᠭᠦᠯᠵᠠᠢ᠃ ᠣᠶ ᠲᠠᠯ᠎ᠠ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠠᠯ᠎ᠠ ᠪᠠᠷ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠬᠦᠨᠵᠡᠭᠡᠶᠢᠷᠡᠭᠦᠯᠦᠨ ᠥᠷᠨᠢᠭᠦᠯᠵᠦ᠂ ᠲᠠᠷᠢᠶᠠᠯᠠᠬᠤ ᠣᠷᠣᠨ ᠤ ᠨᠠᠮᠤᠷ ᠤᠨ ᠲᠠᠷᠢᠶ᠎ᠠ ᠬᠤᠷᠢᠶᠠᠬᠤ᠂ ᠣᠶᠢᠲᠤ ᠣᠷᠣᠨ ᠤ ᠨᠠᠮᠤᠷ ᠤᠨ ᠤᠷᠭᠤᠴᠠ ᠲᠡᠭᠦᠬᠦ᠂ ᠮᠠᠯᠵᠢᠬᠤ ᠣᠷᠣᠨ ᠤ ᠡᠪᠡᠰᠦ ᠬᠠᠳᠤᠬᠤ ᠪᠠ ᠪᠠᠷᠢᠯᠭ᠎ᠠ ᠪᠠᠷᠢᠬᠤ᠂ ᠦᠢᠯᠡᠳᠪᠦᠷᠢᠯᠡᠯ ᠲᠡᠭᠡᠭᠡᠪᠦᠷᠢ ᠂ ᠵᠢᠭᠤᠯᠴᠢᠯᠠᠯ ᠵᠡᠷᠭᠡ ᠬᠥᠳᠡᠭᠡ ᠬᠡᠭᠡᠷ᠎ᠡ ᠭᠠᠯ ᠬᠡᠷᠡᠭᠯᠡᠬᠦ ᠡᠯ᠎ᠡ ᠲᠥᠷᠥᠯ ᠤᠨ ᠦᠶ᠋ᠯᠡ ᠠᠵᠢᠯᠯᠠᠭ᠎ᠠ ᠶᠢ ᠴᠢᠩᠭ᠎ᠠ ᠬᠠᠮᠢᠶᠠᠷᠴᠠᠢ᠃ ᠡᠭᠦᠨ ᠤ ᠬᠠᠮᠲᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠠᠶᠤᠯᠲᠠᠢ ᠬᠢᠮᠢ ᠶᠢᠨ ᠪᠣᠳᠠᠰ ᠤᠨ ᠬᠦᠷᠢᠶ᠎ᠡ᠂ ᠨᠡᠭᠦᠷᠡᠰᠦᠨ ᠤ ᠪᠤᠰᠤ ᠠᠭᠤᠷᠬᠠᠢ ᠶᠢᠨ ᠬᠦᠷᠢᠶ᠎ᠡ᠂ ᠲᠡᠮᠦᠷᠯᠢᠭ ᠤᠨ ᠠᠵᠤ ᠦᠢᠯᠡᠳᠪᠦᠷᠢ ᠠᠷᠠᠯᠵᠢᠶᠠᠨ ᠤ ᠬᠦᠷᠢᠶ᠎ᠡ ᠳᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠡᠮᠦᠨᠡᠬᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠪᠠ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠵᠦ᠂ ᠠᠰᠠᠭᠤᠳᠠᠯ ᠳᠠᠯᠳᠠ ᠭᠡᠮ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠠᠢ᠃ ᠰᠣᠶᠣᠯ ᠵᠢᠭᠤᠯᠴᠢᠯᠠᠯ ᠤᠨ ᠬᠦᠷᠢᠶᠡᠨ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠡᠭᠦᠵᠢᠯᠡᠭᠦᠷ ᠲᠡᠷᠭᠡ᠂ ᠳᠡᠭᠦᠵᠢᠩ ᠵᠠᠮ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ ᠵᠡᠷᠭᠡ ᠣᠨᠴᠠᠭᠠᠢ ᠲᠤᠨᠤᠭ ᠲᠥᠬᠦᠭᠡᠷᠦᠮᠵᠢ ᠵᠢᠴᠢ ᠤᠰᠤᠨ ᠳᠡᠭᠡᠷᠡᠬᠢ ᠬᠥᠪᠥᠮᠡᠯ ᠬᠥᠭᠦᠷᠭᠡ᠂ ᠰᠢᠯ ᠵᠠᠮ᠂ ᠵᠤᠭᠠᠴᠠᠯ ᠤᠨ ᠡᠭᠴᠡ ᠨᠢᠰᠬᠡᠯ ᠵᠡᠷᠭᠡ ᠡᠷᠡᠰᠳᠡᠯ ᠥᠨᠳᠥᠷ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠨᠡᠭᠡᠭᠡᠨ ᠠᠰᠢᠭᠯᠠᠭᠠᠳᠤᠢ ᠦᠵᠡᠮᠵᠢ ᠶᠢᠨ ᠣᠷᠣᠨ᠂ ︽ᠰᠦᠯᠵᠢᠶᠡᠨ ᠤ ᠤᠲᠤ ᠪᠣᠯᠣᠭᠰᠠᠨ ᠭᠠᠵᠠᠷ︾᠎ ᠲᠤ ᠰᠡᠷᠡᠮᠵᠢᠯᠡᠭᠦᠯᠬᠦ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠵᠤᠭᠠᠴᠠᠭᠰᠠᠳ ᠤᠨ ᠠᠮᠤᠷ ᠲᠦᠪᠰᠢᠨ ᠢ ᠪᠠᠲᠤᠯᠠᠪᠠ᠃    ᠪᠠᠶᠠᠷ ᠤᠨ ᠡᠳᠦᠷ ᠤᠳ ᠲᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠠᠶᠢᠮᠠᠭ ᠬᠤᠲᠠ᠂ ᠬᠤᠰᠢᠭᠤ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠵᠢᠭᠦᠷᠯᠡᠨ ᠠᠵᠢᠯᠯᠠᠵᠤ ᠪᠠᠶᠢᠭ᠎ᠠ ᠪᠠᠶᠢᠳᠠᠯ ᠢ ᠨᠡᠶᠢᠲᠡ 49 ᠤᠳᠠᠭ᠎ᠠ ᠰᠤᠭᠤᠴᠢᠨ ᠪᠠᠶᠢᠴᠠᠭᠠᠵᠤ᠂ ᠪᠠᠶᠢᠴᠠᠭᠠᠯᠲᠠ ᠳᠤ ᠬᠠᠮᠤᠷᠤᠭᠳᠠᠭᠰᠠᠨ ᠭᠠᠵᠠᠷ ᠣᠷᠣᠨ ᠤ ᠵᠢᠵᠢᠭᠦᠷᠯᠡᠵᠦ ᠪᠠᠶᠢᠭ᠎ᠠ ᠠᠵᠢᠯᠲᠠᠳ ᠴᠥᠮ ᠠᠵᠢᠯ ᠤᠨ ᠪᠠᠶᠢᠷᠢ ᠳᠤ ᠪᠠᠨ ᠪᠠᠶᠢᠵᠤ᠂ ᠪᠠᠴᠢᠮ ᠪᠠᠶᠢᠳᠠᠯ ᠢ ᠠᠷᠭᠠᠴᠠᠭᠠᠬᠤ ᠳᠤ ᠢᠮᠠᠭᠲᠠ ᠪᠡᠯᠡᠬᠡᠨ ᠪᠠᠶᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1