ᠪᠥᠬᠦ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠢᠭᠤᠳ ᠠᠵᠢᠯᠲᠠᠨ 4.5 ᠲᠦᠮᠡ ᠳᠤ ᠬᠥᠷᠪᠡ
ᠨᠡᠶᠢᠲᠡᠯᠡᠭᠰᠡᠨ ᠴᠠᠭ᠄
2023/10/12
    10 ᠳ᠋ᠤᠭᠠᠷ ᠰᠠᠷ᠎ᠠ ᠶᠢᠨ 9᠎ ᠤ ᠡᠳᠦᠷ ᠪᠣᠯ 54 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠰᠢᠤᠳᠠᠨ ᠤ ᠡᠳᠦᠷ᠂ ᠡᠨᠡ ᠵᠢᠯ ᠤᠨ ᠭᠤᠣᠯ ᠰᠡᠳᠦᠪ ᠨᠢ ︽ᠢᠲᠡᠭᠡᠯ ᠢ ᠬᠠᠮᠲᠤ ᠪᠠᠷ ᠪᠣᠢ ᠪᠣᠯᠭᠠᠶ᠎ᠠ — ᠠᠮᠤᠷ ᠲᠦᠪᠰᠢᠨ ᠬᠤᠯᠪᠣᠭᠠᠯᠠᠭᠰᠠᠨ ᠢᠷᠡᠭᠡᠳᠦᠢ ᠶᠢ ᠬᠠᠮᠲᠤ ᠪᠠᠷ ᠪᠠᠶᠢᠭᠤᠯᠤᠶ᠎ᠠ︾ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠦᠷᠢᠳᠬᠡᠯ ᠠᠴᠠ ᠬᠠᠷᠠᠬᠤ ᠳᠤ᠂ ᠡᠳᠦᠭᠡ ᠬᠦᠷᠲᠡᠯ᠎ᠡ᠂ ᠥᠪᠥᠷ ᠮᠣᠩᠭᠤᠯ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠢᠭᠤᠳ ᠠᠵᠢᠯᠲᠠᠨ 4.5 ᠲᠦᠮᠡ ᠳᠤ ᠬᠦᠷᠴᠦ᠂ 2023 ᠣᠨ ᠳᠤ ᠵᠢᠱᠢᠯᠲᠡ ᠪᠠᠷ 29 ᠳ᠋ᠦᠩᠰᠢᠭᠤᠷ ᠬᠥᠮᠥᠨ ︵ᠤᠳᠠᠭ᠎ᠠ︶᠎ ᠳᠤ ᠦᠢᠯᠡᠴᠢᠯᠡᠬᠦ ᠪᠣᠯᠣᠨ᠎ᠠ ᠃ ᠪᠥᠬᠦ ᠣᠷᠣᠨ ᠳᠤ ᠲᠦᠷᠭᠡᠨ ᠬᠦᠷᠭᠡᠯᠲᠡ ᠶᠢᠨ ᠵᠥᠪᠰᠢᠶᠡᠷᠡᠯ ᠲᠠᠢ ᠠᠵᠤ ᠠᠬᠤᠶᠢᠯᠠᠯ ᠨᠡᠶᠢᠲᠡ 406᠂ ᠰᠠᠯᠪᠤᠷᠢ ᠪᠠᠶᠢᠭᠤᠯᠤᠮᠵᠢ 1686᠂ ᠳᠠᠩᠰᠠᠯᠠᠭᠤᠯᠤᠭᠰᠠᠨ ᠦᠵᠦᠭᠦᠷ ᠴᠡᠭ 10222 ᠪᠠᠶᠢᠨ᠎ᠠ᠃ ᠣᠳᠣᠬᠠᠨ ᠳᠤ᠂ ᠬᠢᠯᠢ ᠬᠢᠵᠠᠭᠠᠷ ᠤᠨ 131 ᠭᠠᠴᠠᠭ᠎ᠠ ᠲᠣᠰᠬᠤᠨ ᠪᠦᠬᠦᠨ ᠳᠤ ᠰᠢᠤᠳᠠᠨ ᠦᠢᠯᠡᠴᠢᠯᠡᠭᠡ ᠲᠠᠢ ᠪᠣᠯᠵᠤ᠂ ᠰᠢᠶᠠᠩ ᠪᠣᠯᠭᠠᠨ ᠳᠤ ᠪᠠᠶᠢᠭᠤᠯᠤᠮᠵᠢ ᠪᠠᠶᠢᠭᠤᠯᠵᠦ᠂ ᠲᠣᠰᠬᠤᠨ ᠪᠦᠷᠢ ᠳᠤ ᠰᠢᠤᠳᠠᠨ ᠲᠠᠢ ᠪᠣᠯᠬᠤ ᠶᠢ ᠪᠡᠶᠡᠯᠡᠭᠦᠯᠦᠭᠰᠡᠨ ᠪᠠᠶᠢᠨ᠎ᠠ᠃    ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ︽ᠬᠤᠶᠠᠷ ᠲᠣᠭᠲᠠᠯᠴᠠᠭ᠎ᠠ ᠬᠤᠶᠠᠷ ᠢᠨᠵᠧᠨᠧᠷᠢᠩ︾᠎ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠭᠤᠣᠯ ᠱᠤᠭᠤᠮ ᠪᠠ ︽ᠨᠢᠭᠡ ᠠᠷᠭ᠎ᠠ ᠭᠤᠷᠪᠠᠨ ᠲᠣᠭᠲᠠᠯᠴᠠᠭ᠎ᠠ︾᠎ ᠶᠢᠨ ᠥᠨᠳᠥᠷ ᠪᠦᠲᠦᠮᠵᠢᠲᠡᠶ ᠵᠠᠰᠠᠯᠲᠠ ᠶᠢᠨ ᠠᠵᠢᠯ ᠤᠨ ᠭᠤᠣᠯ ᠱᠤᠭᠤᠮ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠷᠢ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠪᠥᠬᠦ ᠣᠷᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠰᠢᠤᠳᠠᠨ ᠤ ᠰᠢᠰᠲ᠋ᠧᠮ ᠠᠵᠢᠯ ᠲᠥᠷᠥᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠪᠢᠶᠠᠷᠢᠯᠠᠯᠲᠠ ᠪᠠ ᠬᠠᠮᠲᠤ ᠶᠢᠨ ᠲᠦᠭᠡᠭᠡᠯᠲᠠ ᠶᠢᠨ ᠲᠥᠪ ᠢᠶᠠᠷ ᠭᠤᠣᠯᠯᠠᠭᠰᠠᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠣᠷᠣᠨ ᠤ ᠬᠤᠰᠢᠭᠤ ᠰᠢᠶᠠᠨ ᠤ ᠬᠤᠪᠢᠶᠠᠷᠢᠯᠠᠯᠲᠠ ᠪᠠ ᠬᠠᠮᠲᠤ ᠶᠢᠨ ᠲᠦᠭᠡᠭᠡᠯᠲᠠ ᠶᠢᠨ ᠲᠥᠪ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1