10 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠦᠬᠠᠢ ᠬᠤᠲᠠ ᠳᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ | ᠵᠢᠯᠣᠭᠤᠳᠪᠠ᠃ | ᠬᠤᠸᠠᠩ ᡁᠢ ᠴᠢᠶᠠᠩ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠵᠤ᠂ ᠦᠬᠠᠢ ᠬᠤᠳᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠣᠨᠴᠠᠭᠠᠶᠢᠯᠠᠨ ︽ᠥᠪᠥᠷ ᠮᠣᠩᠭᠤᠯ ᠤᠨ ᠬᠠᠭᠤᠳᠠᠰᠤ︾ ᠶᠢ ᠰᠠᠶᠢᠲᠤᠷ | ᠰᠤᠷᠤᠯᠴᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠨᠢ ᠦᠨᠳᠦᠰᠦᠨ ᠱᠠᠲᠤᠨ ᠳᠤ | ᠬᠠᠨᠳᠤᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠥᠨᠳᠥᠷ ᠪᠠᠶᠢᠵᠤ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠵᠦ᠂ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠠᠰᠠᠭᠤᠳᠠᠯ ᠳᠤ ᠴᠢᠭᠯᠡᠭᠦᠯᠬᠦ ᠶᠢ ᠲᠣᠪᠤᠶᠢᠯᠭᠠᠨ | ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠲᠥᠪ ᠴᠢᠩᠭ᠎ᠠ ᠰᠤᠷᠲᠠᠯ ᠢ ᠪᠠᠷᠢᠮᠲᠠᠯᠠᠵᠤ᠂ ᠬᠤᠶᠠᠷ ᠶᠡᠭᠡ | ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠣᠳᠠᠲᠤ ᠦᠷ᠎ᠡ ᠪᠦᠲᠦᠭᠡᠯ ᠢᠶᠠᠷ ᠭᠤᠣᠯ ᠰᠡᠳᠦᠪᠲᠦ | ᠬᠥᠮᠦᠵᠢᠯ ᠤᠨ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠬᠡᠯᠡᠪᠡ᠃ | ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ | ᠯᠢᠩ ᠵᠡᠭᠡᠯᠢ ᠶᠢᠨ ᠯᠠᠨ ᠲᠢᠶᠠᠨ ᠨᠡᠶᠢᠭᠡᠮ ᠲᠣᠭᠤᠷᠢᠭ ᠲᠤ᠂ ᠬᠤᠸᠠᠩ ᡁᠢ ᠴᠢᠶᠠᠩ ᠺᠠᠳ᠋ᠷ ᠤᠯᠠᠨ ᠲᠦᠮᠡᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠠᠮ ᠤᠨ ᠭᠡᠰᠢᠭᠦᠨ ᠺᠠᠳ᠋ᠷᠴᠤᠳ ᠢ ᠠᠵᠢᠯ ᠤᠨ ᠪᠣᠳᠠᠲᠠᠢ ᠲᠠᠢ ᠪᠠᠨ ᠨᠢᠭᠲᠠ | ᠤᠶᠠᠯᠳᠤᠭᠤᠯᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠵᠢᠯᠤᠭᠤᠳᠴᠤ᠂ ᠪᠣᠳᠠᠲᠠᠢ ᠠᠵᠢᠯ ᠬᠢᠬᠦ | ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠲᠠᠯ᠎ᠠ ᠪᠠᠷ ᠰᠡᠳᠬᠢᠯ ᠲᠠᠯᠪᠢᠨ᠂ ᠤᠯᠠᠨ ᠲᠦᠮᠡᠨ ᠳᠤ ᠬᠤᠪᠢᠷᠠᠯᠲᠠ ᠶᠢ | ᠬᠠᠷᠠᠭᠤᠯᠵᠤ᠂ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠨ ᠰᠤᠳᠤᠯᠬᠤ ᠳᠤ ᠪᠠᠨ᠂ | ᠬᠤᠸᠠᠩ ᡁᠢ ᠴᠢᠶᠠᠩ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠬᠢᠨᠠᠨ ᠵᠢᠯᠣᠭᠤᠳᠪᠠ᠃ | |