ᠮᠦ ᠪᠦᠷᠢ ᠶᠢᠨ ᠤᠨᠠᠯᠲᠠ 761.5 ᠺᠢᠯᠣᠭ᠍ᠷᠠᠮ ᠬᠦᠷᠴᠦ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠳᠠᠬᠢᠨᠲᠠ ᠪᠥᠬᠦ ᠣᠷᠣᠨ ᠤ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/10/12
    10 ᠳ᠋ᠤᠭᠠᠷ ᠰᠠᠷ᠎ᠠ ᠶᠢᠨ 10᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠥᠰᠥᠯ ᠤᠨ ︽ᠰᠠᠶᠢᠨ ᠴᠢᠨᠠᠷ ᠤᠨ ᠤᠰᠤᠨ ᠲᠤᠲᠤᠷᠭ᠎ᠠ ᠶᠢ ᠪᠣᠬᠢᠷᠲᠤᠯ ᠦᠭᠡᠢ ᠤᠰᠤ ᠠᠷᠪᠢᠯᠠᠨ ᠥᠨᠳᠥᠷ ᠪᠦᠲᠦᠮᠵᠢᠲᠡᠶ ᠳᠠᠷᠢᠵᠤ ᠪᠤᠶᠢᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠬᠤᠢ ᠲᠠᠯᠠᠪᠠᠶ︾᠎ ᠶᠢᠨ ᠰᠢᠯᠭᠠᠨ ᠦᠨᠡᠯᠡᠬᠦ ᠬᠤᠷᠠᠯ ᠠᠴᠠ ᠰᠠᠶᠢᠨ ᠮᠡᠳᠡᠭᠡ ᠢᠷᠡᠭᠦᠯᠪᠡ᠄ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠱᠦᠢ ᠲᠢᠶᠠᠨ ᠲᠣᠰᠬᠤᠨ ᠤ ᠲᠥᠰᠥᠯ ᠤᠨ ᠵᠢᠱᠢᠶ᠎ᠡ ᠦᠵᠡᠭᠦᠯᠬᠦ ᠲᠣᠭᠤᠷᠢᠭ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ 761.5 ᠺᠢᠯᠣᠭ᠍ᠷᠠᠮ ᠪᠠᠶᠢᠵᠤ᠂ 2022 ᠣᠨ ᠤ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ 743.5 ᠺᠢᠯᠣᠭ᠍ᠷᠠᠮ ᠬᠥᠷᠥᠭᠰᠡᠨ ᠠᠴᠠ ᠬᠤᠶᠢᠰᠢ ᠪᠥᠬᠦ ᠣᠷᠣᠨ ᠤ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠶᠢᠨ ᠲᠡᠮᠳᠡᠭᠯᠡᠯ ᠢ ᠳᠠᠬᠢᠨ ᠨᠢᠭᠡ ᠤᠳᠠᠭ᠎ᠠ ᠰᠢᠨᠡᠳᠬᠡᠵᠡᠢ᠃    ᠤᠨᠠᠯᠲᠠ ᠶᠢ ᠬᠡᠮᠵᠢᠬᠦ ᠠᠬᠤᠢ ᠲᠠᠯᠠᠪᠠᠢ ᠳᠤ᠂ ᠮᠡᠷᠭᠡᠵᠢᠯᠲᠡᠨ ᠤᠨᠠᠯᠲᠠ ᠶᠢ ᠬᠡᠮᠵᠢᠬᠦ ᠲᠠᠷᠢᠶᠠᠨ ᠭᠠᠵᠠᠷ ᠲᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠲᠠᠷᠢᠶᠠᠨ ᠭᠠᠵᠠᠷ ᠢ ᠲᠠᠰᠢᠷᠠᠮ ᠢᠶᠠᠷ ᠰᠣᠩᠭᠤᠵᠤ᠂ ᠮᠧᠬᠠᠨᠢᠭ ᠢᠶᠠᠷ ᠪᠦᠬᠦ ᠲᠠᠷᠢᠶᠠᠨ ᠭᠠᠵᠠᠷ ᠤᠨ ᠪᠣᠳᠠᠲᠠᠢ ᠬᠤᠷᠢᠶᠠᠭᠰᠠᠨ ᠢ ᠬᠡᠮᠵᠢᠵᠦ᠂ ᠠᠮᠤ ᠪᠤᠳᠠᠭᠠᠨ ᠤ ᠴᠢᠭᠢᠭ ᠢ ᠲᠦᠷᠭᠡᠨ ᠬᠡᠮᠵᠢᠬᠦ ᠬᠡᠮᠵᠢᠭᠦᠷᠯᠢᠭ ᠢᠶᠠᠷ ᠦᠷ᠎ᠡ ᠶᠢᠨ ᠮᠥᠬᠦᠯᠢᠭ ᠤᠨ ᠴᠢᠭᠢᠭᠯᠢᠭ ᠢ ᠬᠡᠮᠵᠢᠨ ᠲᠣᠭᠲᠠᠭᠠᠵᠠᠢ᠃ ᠤᠨᠠᠯᠲᠠ ᠶᠢ ᠬᠡᠮᠵᠢᠬᠦ ᠲᠠᠷᠢᠶᠠᠨ ᠭᠠᠵᠠᠷ ᠲᠤ ᠳᠠᠷᠢᠭᠰᠠᠨ ᠨᠢ ᠵᠥᠩ ᠺᠧ ᠹᠠ 5 ᠳ᠋ᠤᠭᠠᠷ ᠲᠥᠷᠥᠯ ᠤᠨ ᠤᠰᠤᠨ ᠲᠤᠲᠤᠷᠭ᠎ᠠ ᠪᠠᠶᠢᠵᠤ᠂ ᠪᠣᠳᠠᠲᠠᠢ ᠬᠤᠷᠢᠶᠠᠭᠰᠠᠨ ᠲᠠᠯᠠᠪᠠᠶ ᠨᠢ 1.564 ᠮᠦ᠂ ᠪᠣᠳᠠᠲᠠᠢ ᠬᠤᠷᠢᠶᠠᠭᠰᠠᠨ ᠴᠢᠭᠢᠭ ᠲᠠᠢ ᠭᠠᠷᠤᠯᠲᠠ ᠶᠢᠨ ᠬᠡᠮᠵᠢᠶ᠎ᠡ ᠨᠢ 1218.95 ᠺᠢᠯᠣᠭ᠍ᠷᠠᠮ ᠪᠠᠶᠢᠵᠤ᠂ ᠮᠥᠬᠦᠯᠢᠭ ᠤᠨ ᠴᠢᠭᠢᠭᠯᠢᠭ 15.6%᠂ ᠬᠤᠯᠢᠴᠠ  1.0% ᠪᠠᠶᠢᠭᠰᠠᠨ ᠢ ᠤᠯᠤᠰ ᠤᠨ ᠪᠠᠷᠢᠮᠵᠢᠶ᠎ᠠ ᠪᠣᠯᠬᠤ ᠮᠥᠬᠦᠯᠢᠭ ᠤᠨ ᠴᠢᠭᠢᠭᠯᠢᠭ 14.5%᠎ ᠪᠠᠷ ᠪᠣᠳᠠᠲᠠᠢ ᠤᠨᠠᠯᠲᠠ ᠶᠢ ᠪᠤᠳᠤᠵᠤ᠂ ᠪᠣᠳᠠᠲᠠᠢ ᠬᠡᠮᠵᠢᠭᠰᠡᠨ ᠮᠦ ᠪᠦᠷᠢ ᠶᠢᠨ ᠤᠨᠠᠯᠲᠠ ᠨᠢ 761.5 ᠺᠢᠯᠣᠭ᠍ᠷᠠᠮ ᠪᠠᠶᠢᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠥᠨᠳᠥᠷ ᠤᠨᠠᠯᠲᠠ ᠶᠢᠨ ᠲᠡᠮᠳᠡᠭᠯᠡᠯ ᠢ ᠰᠢᠨᠡᠳᠬᠡᠪᠡ᠃    ᠬᠢᠩᠭᠠᠨ ᠠᠶᠢᠮᠠᠭ ᠨᠢ ᠤᠮᠠᠷᠠᠲᠤ ᠥᠷᠭᠡᠷᠢᠭ ᠤᠨ 46 ᠭᠷᠡᠳᠦ᠋ᠰ ᠲᠤ ᠪᠠᠶᠢᠷᠢᠯᠠᠵᠤ᠂ ᠥᠪᠥᠷ ᠮᠣᠩᠭᠤᠯ ᠤᠨ ᠤᠰᠤᠨ ᠲᠤᠲᠤᠷᠭ᠎ᠠ ᠶᠢᠨ ᠭᠤᠣᠯ ᠭᠠᠷᠤᠯᠲᠠ ᠶᠢᠨ ᠣᠷᠣᠨ ᠪᠣᠯᠬᠤ ᠪᠥᠭᠡᠳ ᠳᠡᠯᠡᠬᠡᠢ ᠨᠡᠶᠢᠲᠡ ᠳᠤ ᠬᠦᠯᠢᠶᠡᠨ ᠵᠥᠪᠰᠢᠶᠡᠷᠡᠭᠳᠡᠭᠰᠡᠨ ᠬᠦᠢᠲᠡᠨ ᠭᠠᠵᠠᠷ ᠤᠨ ᠤᠰᠤᠨ ᠲᠤᠲᠤᠷᠭ᠎ᠠ ᠲᠠᠷᠢᠶᠠᠯᠠᠬᠤ ᠠᠯᠳᠠᠨ ᠪᠦᠰᠡ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠬᠢᠩᠭᠠᠨ ᠠᠶᠢᠮᠠᠭ ᠠᠮᠤ ᠪᠤᠳᠠᠭᠠᠨ ᠤ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠠᠮᠤ ᠪᠤᠳᠠᠭ᠎ᠠ ᠦᠢᠯᠡᠳᠪᠦᠷᠢᠯᠡᠯ ᠤᠨ ᠭᠠᠵᠠᠷ ᠰᠢᠷᠣᠢ ᠳᠤ ᠲᠦᠰᠢᠭᠯᠡᠬᠦ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠤᠨᠠᠯᠲᠠ ᠶᠢ ᠨᠡᠮᠡᠭᠳᠡᠭᠦᠯᠬᠦ ᠪᠠ ᠴᠢᠨᠠᠷ ᠢ ᠳᠡᠭᠡᠭᠰᠢᠯᠡᠭᠦᠯᠬᠦ ᠬᠤᠶᠠᠷ ᠲᠠᠯ᠎ᠠ ᠪᠠᠷ ᠵᠡᠷᠭᠡ ᠳᠤ ᠨᠢ ᠬᠦᠴᠦᠯᠡᠵᠦ᠂ 2023 ᠣᠨ ᠳᠤ ᠪᠥᠬᠦ ᠠᠶᠢᠮᠠᠭ ᠤᠨ ᠤᠰᠤᠨ ᠲᠤᠲᠤᠷᠭ᠎ᠠ ᠲᠠᠷᠢᠭᠰᠠᠨ ᠲᠠᠯᠠᠪᠠᠶ 115 ᠲᠦᠮᠡᠨ ᠮᠦ ᠳᠤ ᠬᠦᠷᠴᠦ᠂ ᠤᠰᠤᠨ ᠲᠤᠲᠤᠷᠭ᠎ᠠ ᠶᠢᠨ ᠪᠣᠬᠢᠷᠲᠤᠯ ᠦᠭᠡᠢ ᠤᠰᠤ ᠠᠷᠪᠢᠯᠠᠨ ᠥᠨᠳᠥᠷ ᠪᠦᠲᠦᠮᠵᠢᠲᠡᠶ ᠵᠢᠱᠢᠶ᠎ᠡ ᠦᠵᠡᠭᠦᠯᠬᠦ ᠳᠠᠷᠢᠬᠤ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠥᠰᠥᠯ ᠢ ᠥᠷᠨᠢᠭᠦᠯᠬᠦ ᠪᠠᠷ ᠳᠠᠮᠵᠢᠭᠤᠯᠤᠨ᠂ ᠰᠠᠶᠢᠨ ᠴᠢᠨᠠᠷ ᠤᠨ ᠥᠨᠳᠥᠷ ᠪᠦᠲᠦᠮᠵᠢᠲᠡᠶ ᠪᠣᠬᠢᠷᠲᠤᠯ ᠦᠭᠡᠢ ᠤᠰᠤ ᠠᠷᠪᠢᠯᠠᠬᠤ ᠪᠠᠷᠢᠮᠵᠢᠶᠠᠵᠢᠭᠰᠠᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 12 ᠪᠠᠶᠢᠭᠤᠯᠪᠠ᠃ ᠡᠭᠦᠨ ᠤ ᠬᠠᠮᠲᠤ᠂ ᠲᠤᠲᠤᠷᠭ᠎ᠠ᠂ ᠡᠷᠳᠡᠨᠢ ᠰᠢᠰᠢ ᠶᠢᠨ ︽ᠬᠤᠶᠠᠷ ᠵᠠᠭᠤᠨ ᠪᠠ ᠬᠤᠶᠠᠷ ᠮᠢᠩᠭᠠᠨ︾ ᠢᠨᠵᠧᠨᠧᠷᠢᠩ ᠤᠨ ᠳᠠᠭᠠᠭᠤᠯᠭ᠎ᠠ ᠳᠣᠣᠷ᠎ᠠ᠂ ᠬᠢᠩᠭᠠᠨ ᠠᠶᠢᠮᠠᠭ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ᠂ ︽ᠬᠢᠩᠭᠠᠨ ᠠᠶᠢᠮᠠᠭ ᠤᠨ ᠲᠤᠲᠤᠷᠭ᠎ᠠ︾᠎ ᠶᠢᠨ ᠨᠠᠷᠠᠲᠤ ᠲᠡᠮᠳᠡᠭᠲᠦ ᠶᠢ ᠡᠭᠦᠳᠬᠦ᠂ ᠣᠶᠤᠨᠯᠢᠭ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠨ ᠲᠤᠲᠤᠷᠭ᠎ᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠳᠤᠮᠳᠠᠳᠤ ᠤᠯᠤᠰ ᠤᠨ ᠠᠶᠠᠭ᠎ᠠ︾᠎ ᠳᠤ ᠨᠠᠩ ᠶᠡᠭᠡ ︽ᠬᠢᠩᠭᠠᠨ ᠤ ᠠᠮᠤ ᠪᠤᠳᠠᠭ᠎ᠠ︾ ᠨᠡᠮᠡᠷᠢᠯᠡᠵᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1