10 ᠰᠠᠷ᠎ᠠ ᠶᠢᠨ 10 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠮᠡᠵᠦ ᠥᠷᠭᠡᠳᠬᠡᠬᠦ | ᠢᠨᠵᠧᠨᠧᠷᠢᠩ ᠢ ᠡᠬᠢᠯᠡᠭᠦᠯᠬᠦ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ | ᠲᠥᠪᠯᠡᠷᠡᠭᠦᠯᠦᠨ ᠲᠠᠷᠬᠠᠭᠠᠬᠤ ᠲᠥᠪ ᠪᠠ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠰᠢᠨ᠎ᠡ ᠶᠢ | ᠡᠭᠦᠳᠬᠦ ᠶᠢ ᠠᠬᠢᠭᠤᠯᠬᠤ ᠵᠢᠱᠢᠶ᠎ᠡ ᠦᠵᠡᠭᠦᠯᠭᠦ ᠲᠣᠭᠤᠷᠢᠭ ᠢ ᠲᠥᠪᠯᠡᠷᠡᠭᠦᠯᠦᠨ ᠪᠦᠲᠦᠭᠡᠨ ᠪᠠᠶᠢᠭᠤᠯᠬᠤ ᠬᠤᠯᠪᠣᠭᠳᠠᠯ | ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠪᠠᠶᠢᠳᠠᠯ ᠢ ᠲᠣᠬᠢᠷᠠᠭᠤᠯᠵᠤ᠂ ᠡᠨᠡ ᠪᠣᠯ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠮᠥᠨ᠂ ᠵᠠᠪᠠᠯ | ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠲᠠᠩᠰᠠ | ᠲᠤᠰᠢᠶᠠᠵᠤ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠨᠢᠭᠡ ᠳᠤ᠂ ᠲᠠᠭᠢᠨ ᠬᠦᠴᠦᠯᠡᠵᠦ | ᠳᠥᠷᠪᠡᠳᠦᠭᠡᠷ ᠤᠯᠠᠷᠢᠯ ᠢ ᠠᠰᠢᠭᠯᠠᠨ ᠬᠤᠯᠪᠣᠭᠳᠠᠯ ᠪᠦᠬᠦᠢ ᠠᠵᠢᠯ ᠢ ᠱᠠᠯᠠᠪᠳᠠᠭᠤᠯᠤᠨ ᠠᠬᠢᠭᠤᠯᠵᠤ᠂ | ᠲᠣᠭᠲᠠᠭᠠᠭᠰᠠᠨ ᠶᠠᠪᠤᠳᠠᠯ ᠢ ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ | ᠳᠤᠮᠳᠠᠳᠤ ᠡᠸᠦ᠋ᠷᠦᠫᠡ ᠶᠢᠨ ᠬᠤᠶᠠᠷ ᠵᠢᠰᠢᠶᠠᠨ ᠤ ᠭᠠᠯᠲᠤ ᠲᠡᠷᠭᠡᠨ ᠤ ᠵᠥᠭᠡᠭᠡᠪᠦᠷᠢ ᠶᠢᠨ ᠬᠦᠴᠦᠨ ᠢ ᠲᠦᠷᠭᠡᠨ | ᠳᠡᠭᠡᠭᠰᠢᠯᠡᠭᠦᠯᠵᠦ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠲᠡᠬᠡᠨ ᠠᠵᠢᠯ ᠢᠶᠠᠨ ᠡᠬᠢᠯᠡᠭᠦᠯᠬᠦ ᠪᠠᠷ | ᠴᠢᠷᠮᠠᠶᠢᠬᠤ ᠬᠡᠷᠡᠭᠲᠡᠢ᠃ ᠭᠤᠷᠪᠠ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ | ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠱᠠᠯᠠᠪᠳᠠᠭᠤᠯᠤᠨ | ᠨᠠᠶᠢᠷᠠᠭᠤᠯᠤᠨ ᠵᠣᠬᠢᠶᠠᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠰᠢᠨ᠎ᠡ ᠵᠢᠵᠢᠭᠯᠡᠨ ᠪᠣᠷᠣᠯᠠᠭᠤᠯᠬᠤ | ᠰᠢᠨ᠎ᠡ ᠶᠢ ᠡᠭᠦᠳᠬᠦ ᠲᠥᠪ ᠪᠣᠯᠣᠨ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢ ᠡᠳ᠋ᠰᠢᠭᠦᠯᠦᠨ ᠪᠤᠯᠪᠠᠰᠤᠷᠠᠭᠤᠯᠬᠤ | ᠠᠵᠤ ᠦᠢᠯᠡᠰ ᠤᠨ ᠬᠦᠷᠢᠶᠡᠯᠡᠩ ᠢ ᠬᠠᠮᠵᠢᠯᠴᠠᠨ ᠪᠦᠲᠦᠭᠡᠨ ᠪᠠᠶᠢᠭᠤᠯᠵᠤ᠂ ᠡᠳ᠋ᠰᠢᠭᠦᠯᠦᠨ ᠪᠤᠯᠪᠠᠰᠤᠷᠠᠭᠤᠯᠬᠤ | ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ︽ᠭᠠᠷ ᠲᠠᠮᠵᠢᠪᠠᠴᠤ ᠠᠰᠢᠭ ᠭᠦᠷᠳᠡᠭᠦ ᠦᠭᠡᠢ︾ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠭᠦᠯᠦᠯᠲᠡ | ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ ᠭᠠᠶᠢᠯᠢ ᠶᠢᠨ | ᠶᠠᠪᠤᠳᠠᠯ ᠵᠡᠷᠭᠡ ᠰᠠᠯᠠᠭ᠎ᠠ ᠮᠥᠴᠢᠷ ᠤᠨ ᠡᠬᠢ ᠪᠠᠶᠠᠯᠢᠭ ᠬᠦᠴᠦᠨ ᠴᠢᠳᠠᠯ ᠢ ᠨᠡᠶᠢᠳᠬᠡᠵᠦ᠂ ᠬᠠᠮᠲᠤᠷᠠᠯ ᠬᠦᠴᠦᠨ ᠢ | ᠪᠦᠷᠢᠯᠳᠦᠭᠦᠯᠵᠦ᠂ ᠣᠷᠣᠨ ᠪᠠᠶᠢᠷᠢ ᠶᠢᠨ ᠳᠠᠪᠠᠭᠤᠯᠢᠭ᠂ ᠪᠣᠭᠤᠮᠲᠠ ᠶᠢᠨ ᠳᠠᠪᠠᠭᠤᠯᠢᠭ ᠢ ᠬᠥᠭᠵᠢᠯᠲᠡ ᠶᠢᠨ | ᠳᠠᠪᠠᠭᠤᠯᠢᠭ ᠪᠠᠶᠢᠳᠠᠯ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ᠂ ᠭᠤᠣᠯ | ᠮᠥᠷᠡᠨ ᠨᠠᠭᠤᠷ ᠪᠦᠷᠢᠳᠦ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠮᠢᠶᠠᠷᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠵᠡᠷᠭᠡ ᠬᠠᠤᠯᠢ | ᠲᠣᠭᠲᠠᠭᠠᠯ ᠤᠨ ᠲᠥᠰᠥᠯ ᠢ ᠰᠤᠳᠤᠯᠵᠠᠢ᠃ | |